ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶᠠᠨ ᠤ ᠠᠯᠪᠠᠨ ᠬᠡᠷ ᠤᠨ 2020 ᠣᠨ ᠤ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/25
     ᠴᠢ ᠹᠸᠢ ᠶᠦᠨ ᠬᠤᠷᠠᠯ ᠡᠷᠬᠢᠯᠡᠵᠦ ᠶᠠᠷᠢᠶ᠎ᠠ ᠲᠠᠯᠪᠢᠪᠠ      9 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶᠠᠨ ᠤ ᠠᠯᠪᠠᠨ ᠭᠡᠷ ᠤᠨ 2020 ᠣᠨ ᠤ ᠠᠩᠬᠠᠳᠤᠭᠠᠷ ᠬᠤᠷᠠᠯ ᠬᠤᠷᠠᠯᠳᠤᠵᠤ᠂ ᠲᠥᠪ᠂ ᠥᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠣᠯᠠᠮᠵᠢᠯᠠᠵᠤ᠂ ᠬᠤᠲᠠ ᠶᠢᠨ ᠨᠠᠮ ᠤᠨ ᠬᠤᠷᠢᠶᠠᠨ ᠤ ᠬᠠᠤᠯᠢ ᠪᠠᠷ ᠬᠤᠲᠠ ᠪᠠᠨ ᠵᠠᠰᠠᠬᠤ ᠬᠤᠷᠢᠶᠠᠨ ᠤ ᠠᠯᠪᠠᠨ ᠭᠡᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠬᠤᠯᠪᠣᠭᠳᠠᠯ ᠪᠦᠬᠦᠢ ᠬᠡᠷᠡᠭᠵᠢᠭᠦᠯᠬᠦ ᠲᠥᠰᠦᠯ ᠪᠠ ᠰᠠᠨᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠬᠠᠢ ᠿᠦᠩ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠥᠪᠯᠡᠷᠡᠩᠭᠦᠶ ᠨᠢᠭᠡᠳᠦᠯᠳᠡᠢ ᠤᠳᠤᠷᠢᠳᠤᠯᠭ᠎ᠠ ᠶᠢ ᠴᠢᠩᠭᠠᠳᠬᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠡᠵᠡᠮᠰᠢᠨ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠪᠦᠬᠦ ᠶᠠᠪᠤᠴᠠ ᠪᠣᠯᠤᠨ ᠡᠯ᠎ᠡ ᠲᠠᠯ᠎ᠠ ᠳᠤ ᠲᠤᠤᠱᠯᠠᠭᠤᠯᠵᠤ᠂ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠠᠵᠢᠯ ᠵᠥᠪ ᠤᠯᠤᠰ ᠲᠥᠷᠥ ᠶᠢᠨ ᠴᠢᠭᠯᠡᠯ ᠢᠶᠠᠷ ᠣᠷᠣᠭᠰᠢᠯᠠᠬᠤ ᠶᠢ ᠪᠠᠲᠤᠯᠠᠬᠤ ᠬᠡᠷᠡᠭᠲᠡᠶ᠃ ︽ᠳᠥᠷᠪᠡᠨ ᠤᠬᠠᠮᠰᠠᠷ︾ ᠢᠶᠠᠨ ᠪᠠᠲᠤ ᠪᠠᠬᠢ ᠪᠤᠢ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠣᠶᠢᠯᠠᠭᠠᠵᠤ᠂ ︽ᠠᠷᠪᠠ ᠶᠢ ᠪᠠᠷᠢᠮᠲᠠᠯᠠᠬᠤ︾ ᠭᠤᠤᠯ ᠠᠭᠤᠯᠭ᠎ᠠ ᠶᠢ ᠣᠨᠣᠪᠴᠢᠲᠠᠶ ᠡᠵᠡᠮᠰᠢᠨ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠤᠯᠢ ᠪᠠᠷ ᠵᠠᠰᠠᠬᠤ ᠠᠵᠢᠯ ᠤᠨ ᠦᠨᠳᠦᠰᠦ ᠰᠠᠭᠤᠷᠢ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠪᠠᠶᠢᠬᠤ ᠪᠠᠲᠤᠯᠠᠭ᠎ᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠤᠯᠢ ᠪᠠᠷ ᠵᠠᠰᠠᠬᠤ ᠪᠠᠶᠢᠭᠤᠯᠤᠯᠳᠠ ᠶᠢᠨ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠳᠤ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠬᠠᠤᠯᠢ ᠪᠠᠷ ᠵᠠᠰᠠᠬᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ︽ᠢᠷᠭᠡᠨ ᠤ ᠬᠠᠤᠯᠢ ᠶᠢᠨ ᠪᠢᠴᠢᠭ︾ ᠤᠨ ᠬᠡᠷᠡᠭᠵᠢᠭᠦᠯᠦᠯᠲᠡ ᠶᠢ ᠠᠬᠢᠭᠤᠯᠵᠤ᠂ ᠬᠠᠤᠯᠢ ᠪᠠᠷ ᠬᠤᠳᠠ ᠪᠠᠨ ᠵᠠᠰᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠳᠡᠢ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠬᠠᠤᠯᠢ ᠪᠠᠷ ᠬᠤᠲᠠ ᠪᠠᠨ ᠵᠠᠰᠠᠬᠤ ᠠᠵᠢᠯ ᠢ ᠠᠬᠢᠭᠤᠯᠬᠤ ᠬᠠᠮᠤᠭ ᠤᠨ ᠬᠦᠴᠦᠷᠬᠡᠭ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠠᠤᠯᠢᠵᠢᠯ ᠤᠨ ᠦᠬᠠᠢ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠬᠥᠭᠵᠢᠯᠲᠡ ᠲᠠᠢ ᠪᠣᠯᠭᠠᠵᠤ᠂ ᠳᠠᠬᠢᠨ ᠰᠢᠨ᠎ᠡ ᠳᠡᠭᠲᠡᠷ ᠲᠤ ᠭᠠᠷᠭᠠᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号