ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 2020 ᠣᠨ ᠤ 9 ᠳ᠋ᠣᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ ︽ᠰᠢ ᠶᠢᠨ ᠫᠢᠩ  ᠲᠥᠷᠥ ᠶᠢ ᠵᠠᠰᠠᠬᠤ ᠲᠤᠬᠠᠶ︾ ᠭᠡᠬᠦ ᠨᠣᠮ ᠤᠨ ᠭᠤᠷᠪᠠᠳᠤᠭᠠᠷ ᠪᠣᠲᠢ ᠶᠢ ᠲᠤᠰᠬᠠᠶ ᠰᠡᠳᠦᠪ ᠢᠶᠠᠷ ᠰᠤᠷᠤᠯᠴᠠᠨ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2020/9/25
     ᠱᠢ ᠸᠠᠨ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ  ᠲᠠᠩ ᠢ   ᠬᠠᠨ ᠬᠦᠸᠧ ᠦ᠋   ᠸᠠᠩ ᠸᠧᠨ ᠵᠢᠶᠧ ᠬᠤᠷᠠᠯ ᠳᠤ ᠣᠷᠣᠯᠴᠠᠵᠠᠢ      9 ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 2020 ᠣᠨ ᠤ 9 ᠳ᠋ᠣᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ ︽ᠰᠢ ᠶᠢᠨ ᠫᠢᠩ   ᠲᠥᠷᠥ ᠶᠢ ᠵᠠᠰᠠᠬᠤ ᠲᠤᠬᠠᠶ︾ ᠭᠡᠬᠦ ᠨᠣᠮ ᠤᠨ ᠭᠤᠷᠪᠠᠳᠤᠭᠠᠷ ᠪᠣᠲᠢ ᠶᠢ ᠲᠤᠰᠬᠠᠶ ᠰᠡᠳᠦᠪ ᠢᠶᠠᠷ ᠰᠤᠷᠤᠯᠴᠠᠨ ᠰᠤᠳᠤᠯᠤᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠲᠠᠩ ᠢ᠂ ᠬᠠᠨ ᠬᠦᠸᠧ ᠦ᠋᠂ ᠸᠠᠩ ᠸᠧᠨ ᠵᠢᠶᠧ᠂ ᠸᠠᠩ ᠵᠣᠣ ᠱᠧᠩ᠂ ᠬᠣ᠋ ᠱᠠᠨ ᠱᠦᠨ᠂ ᠳ᠋ᠧᠩ ᠺᠠᠶ ᠵᠡᠷᠭᠡ 6 ᠭᠤᠤᠯᠳᠠᠯᠭᠠᠲᠤ ᠳᠤᠭᠤᠶᠢᠯᠠᠩ ᠤᠨ ᠨᠥᠬᠦᠳ ︽ᠰᠢ ᠶᠢᠨ ᠫᠢᠩ   ᠲᠥᠷᠥ ᠶᠢ ᠵᠠᠰᠠᠬᠤ ᠲᠤᠬᠠᠶ︾ ᠭᠡᠬᠦ ᠨᠣᠮ ᠤᠨ ᠭᠤᠷᠪᠠᠳᠤᠭᠠᠷ ᠪᠣᠳᠢ ᠶᠢᠨ ᠠᠭᠤᠯᠭ᠎ᠠ ᠶᠢᠨ ᠲᠣᠭᠤᠷᠢᠨ ᠳᠤ᠂ ᠲᠣᠰ ᠲᠣᠰ ᠤᠨ ᠰᠣᠷᠣᠯᠴᠠᠭᠰᠠᠨ ᠲᠥᠷᠥᠭᠳᠡᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠪᠤᠰᠤᠳ ᠭᠤᠤᠯᠳᠠᠯᠭᠠᠲᠤ ᠳᠤᠭᠤᠶᠢᠯᠠᠩ ᠤᠨ ᠪᠦᠷᠢᠯᠳᠦᠬᠦᠨ ᠶᠠᠷᠢᠶᠠᠨ ᠤ ᠨᠤᠤᠷᠠᠭ  ᠢᠶᠠᠨ ᠪᠢᠴᠢᠭ ᠤᠨ ᠬᠡᠯᠪᠡᠷᠢ ᠪᠠᠷ ᠲᠡᠪᠰᠢᠬᠦᠯᠪᠡ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ︽ᠰᠢ ᠶᠢᠨ ᠫᠢᠩ   ᠲᠥᠷᠥ ᠶᠢ ᠵᠠᠰᠠᠬᠤ ᠲᠤᠬᠠᠶ︾ ᠭᠡᠬᠦ ᠨᠣᠮ ᠤᠨ ᠭᠤᠷᠪᠠᠳᠤᠭᠠᠷ ᠪᠤᠳᠢ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢᠬᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠦᠷᠦ ᠶᠢ ᠵᠠᠰᠠᠭᠰᠠᠨ ᠠᠭᠤᠤ ᠶᠡᠭᠡ ᠦᠢᠯᠡᠳᠦᠯᠭᠡ ᠶᠢ ᠠᠮᠢᠳᠤᠯᠢᠭ ᠢᠶᠠᠨ ᠲᠡᠮᠳᠡᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠮᠠᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠃ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠥᠷᠥ ᠪᠠ ᠪᠦᠬᠦ ᠲᠠᠯ᠎ᠠ ᠶᠢᠨ ᠦᠨᠳᠦᠷᠴᠡ ᠠᠴᠠ ᠡᠭᠦᠰᠴᠦ᠂ ︽ᠰᠢ ᠶᠢᠨ ᠫᠢᠩ   ᠲᠥᠷᠥ ᠶᠢ ᠵᠠᠰᠠᠬᠤ ᠲᠤᠬᠠᠶ︾ ᠭᠡᠬᠦ ᠨᠣᠮ ᠤᠨ ᠭᠤᠷᠪᠠᠳᠤᠭᠠᠷ ᠪᠤᠳᠢ ᠶᠢ ᠦᠨᠡᠨ ᠬᠦ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠣᠷᠣᠯᠴᠠᠯᠭ᠎ᠠ ᠶᠢᠨ ᠦᠷ᠎ᠡ ᠪᠦᠲᠦᠮᠵᠢ ᠪᠠᠨ ᠦᠨᠡᠨᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ᠂ ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠪᠣᠳᠠᠲᠠᠢ ᠰᠡᠳᠬᠢᠴᠡ ᠪᠠ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠳᠡᠢ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂  ᠶᠡᠷᠦᠩᠬᠡᠢ ᠱᠦᠵᠢ ᠰᠢ ᠶᠢᠨ ᠫᠢᠩ ᠤᠨ ︽ᠪᠡᠶ᠎ᠡ ᠪᠠᠷ ᠢᠶᠠᠨ ᠨᠠᠮ ᠪᠠ ᠤᠯᠤᠰ ᠣᠷᠣᠨ ᠤ ᠲᠥᠯᠥᠭᠡ ᠴᠢᠷᠮᠠᠶᠢᠬᠤ᠂ ᠨᠠᠮ ᠪᠠ ᠣᠯᠣᠰ ᠣᠷᠣᠨ ᠤ ᠲᠥᠯᠥᠭᠡ ᠵᠢᠳᠬᠦᠬᠦ︾ ᠡᠷᠬᠢᠮ ᠳᠡᠭᠡᠳᠦ ᠤᠯᠤᠰ ᠲᠦᠷᠦ ᠶᠢᠨ ᠬᠡᠪ ᠰᠤᠷᠲᠠᠯ ᠢ ᠬᠡᠰᠡᠭ ᠪᠦᠯᠦᠭ᠂ ᠦᠭᠡ ᠦᠬᠦᠯᠡᠪᠦᠷᠢ ᠳᠠᠷᠠᠭᠠᠯᠠᠨ ᠬᠦᠨᠵᠡᠬᠡᠢ ᠰᠣᠷᠣᠯᠴᠠᠵᠤ᠂ ᠰᠤᠷᠤᠯᠴᠠᠬᠤ ᠶᠠᠪᠤᠴᠠ ᠳᠠᠭᠠᠨ ᠤᠯᠤᠰ ᠲᠥᠷᠥ ᠶᠢᠨ ᠪᠣᠯᠪᠠᠰᠤᠷᠠᠯ ᠢᠶᠠᠨ ᠳᠡᠭᠡᠭᠰᠢᠯᠡᠭᠦᠯᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢᠶᠠᠨ ᠴᠢᠩᠳᠠᠯᠠᠵᠤ᠂ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠪᠠ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠲᠤᠮᠳᠠ ᠢᠯᠡᠷᠡᠭᠦᠯᠬᠦ ᠬᠡᠷᠡᠭᠲᠡᠶ᠃ ᠶᠡᠷᠦᠩᠬᠡᠶ ᠱᠦᠵᠢ ᠶᠢᠨ ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠬᠤ᠂ ᠠᠷᠭ᠎ᠠ ᠪᠣᠳᠣᠯᠭ᠎ᠠ ᠶᠢ ᠰᠦᠪᠡᠭᠴᠢᠯᠡᠬᠦ ᠥᠷᠥᠴᠡ ᠴᠡᠭᠡᠵᠢᠨ ᠳᠠᠬᠢ ᠪᠢᠯᠢᠭ ᠣᠬᠠᠭᠠᠨ ᠢ ᠭᠦᠨᠵᠡᠭᠡᠶ ᠤᠶᠢᠯᠠᠭᠠᠵᠤ᠂ ᠰᠤᠷᠤᠯᠴᠠᠯᠭ᠎ᠠ ᠶᠢᠨ ᠳᠤᠮᠳᠠ ᠪᠦᠬᠦ ᠲᠠᠯ᠎ᠠ ᠶᠢᠨ ᠬᠠᠷᠠᠭᠠᠰᠤ ᠪᠠᠨ ᠬᠥᠮᠦᠵᠢᠭᠦᠯᠵᠦ᠂ ᠠᠯᠤᠰ ᠬᠡᠲᠦ ᠶᠢᠨ ᠬᠠᠷᠠᠭᠠᠰᠣ ᠶᠢ ᠪᠤᠢ ᠪᠣᠯᠭᠠᠵᠤ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠪᠦᠬᠦ ᠬᠤᠲᠠ ᠶᠢᠨ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠶᠡᠭᠡ ᠲᠠᠯ᠎ᠠ ᠳᠤ ᠰᠠᠶᠢᠨ ᠵᠢᠱᠢᠶ᠎ᠡ ᠦᠵᠡᠭᠦᠯᠵᠦ᠂ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠳᠡᠢ᠃ ᠶᠡᠷᠦᠩᠬᠡᠶ ᠱᠦᠵᠢ ᠶᠢᠨ ︽ᠦᠪᠡᠷ ᠪᠡᠶ᠎ᠡ ᠪᠠᠨ ᠪᠤᠲᠤᠯ ᠦᠭᠡᠢ᠂ ᠠᠷᠠᠳ ᠲᠦᠮᠡᠨ ᠢ ᠦᠯᠦ ᠬᠦᠰᠡᠷᠳᠡᠬᠦᠯᠬᠦ︾ ᠰᠡᠳᠬᠢᠯᠭᠡ ᠶᠢ ᠭᠦᠨᠵᠡᠭᠡᠶ ᠣᠶᠢᠯᠠᠭᠠᠵᠤ᠂ ᠰᠤᠷᠤᠯᠴᠠᠯᠭ᠎ᠠ ᠶᠢᠨ ᠳᠤᠮᠳᠠ ᠪᠠᠨ ᠠᠷᠠᠳ ᠲᠦᠮᠡᠨ ᠤ ᠵᠣᠭᠰᠣᠯᠲᠠ ᠳᠡᠭᠡᠷ᠎ᠡ ᠪᠠᠲᠤ ᠵᠣᠭᠰᠣᠵᠤ᠂ ᠠᠷᠠᠳ ᠲᠦᠮᠡᠨ ᠤ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ ᠲᠠᠰᠤᠷᠠᠯᠲᠠ ᠦᠭᠡᠢ ᠵᠤᠵᠠᠭᠠᠳᠬᠠᠵᠤ᠂ ᠣᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠷᠠᠳ ᠤᠨ ᠠᠮᠢᠳᠤᠷᠠᠯ ᠤᠨ ᠴᠢᠬᠤᠯᠠ ᠶᠠᠪᠤᠳᠠᠯ ᠨᠢᠭᠡᠪᠦᠷᠢ ᠶᠢ ᠯᠠᠪᠳᠠᠭᠤᠨ ᠪᠠᠲᠤᠲᠠᠶ ᠪᠠᠷ ᠰᠠᠶᠢᠲᠤᠷ ᠬᠢᠬᠦ ᠬᠡᠷᠡᠭᠲᠡᠶ᠃ ᠰᠤᠷᠤᠯᠴᠠᠬᠤ ᠳᠤᠮᠳᠠ ᠤᠳᠤᠷᠢᠳᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠯᠡᠬᠦ ᠣᠬᠠᠮᠰᠠᠷ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠤᠷᠴᠢᠨ ᠲᠣᠭᠤᠷᠢᠨ ᠤ ᠬᠠᠮᠠᠭᠠᠯᠠᠯᠲᠠ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢᠶᠠᠨ ᠱᠠᠯᠠᠪᠳᠠᠨ ᠪᠣᠳᠠᠲᠠᠶ ᠠᠳᠬᠤᠵᠤ ᠦᠷ᠎ᠡ ᠪᠦᠲᠦᠮᠵᠢ ᠭᠠᠷᠭᠠᠵᠤ᠂ ᠪᠦᠬᠦ ᠵᠢᠯ ᠤᠨ ᠠᠵᠤ ᠠᠬᠤᠢ ᠶᠢᠨ ᠬᠦᠭᠵᠢᠯᠳᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号