ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠰᠢᠨᠵᠢᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠴᠠᠭᠳᠠᠨ ᠪᠠᠶᠢᠴᠠᠭᠠᠬᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠮᠠᠨ ᠤ ᠬᠤᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/9/25
     ᠨᠢᠶᠧ ᠿᠦᠩ ᠹᠧᠩ ᠶᠠᠷᠢᠶ᠎ᠠ ᠲᠠᠯᠪᠢᠵᠤ ᠱᠢ ᠸᠠᠨ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠬᠠᠷᠢᠭᠤ ᠮᠡᠳᠡᠭᠦᠯᠦᠯᠲᠡ ᠬᠢᠵᠦ ᠲᠠᠩ ᠢ ᠬᠤᠷᠠᠯ ᠣᠷᠣᠯᠴᠠᠵᠠᠢ      9 ᠰᠠᠷ᠎ᠠ ᠶᠢᠨ 23 ᠤ ᠡᠳᠦᠷ᠂  ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠰᠢᠨᠵᠢᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠴᠠᠭᠳᠠᠨ ᠪᠠᠶᠢᠴᠠᠭᠠᠬᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠨᠢᠶᠧ ᠿᠦᠩ ᠹᠧᠩ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠳᠠᠭᠠᠭᠤᠯᠤᠨ ᠮᠠᠨ ᠤ ᠬᠤᠳᠠ ᠳᠤ ᠱᠠᠯᠠᠪᠳᠠᠭᠤᠯᠤᠨ ᠵᠢᠯᠤᠭᠤᠳᠬᠤ ᠪᠠᠶᠢᠴᠠᠭᠠᠯᠳᠠ ᠥᠷᠨᠢᠭᠦᠯᠵᠦ᠂ ᠲᠤᠰᠬᠠᠢ ᠰᠡᠳᠦᠪᠲᠦ ᠬᠤᠷᠠᠯ ᠳᠤ ᠤᠷᠤᠯᠴᠠᠭᠰᠠᠨ ᠪᠦᠭᠡᠳ ᠮᠠᠨ ᠤ ᠬᠤᠳᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠢ ᠡᠷᠭᠢᠯᠡᠭᠰᠡᠨ ᠪᠥᠭᠡᠳ ᠬᠤᠯᠪᠣᠭᠳᠠᠯ ᠪᠥᠬᠦᠶ ᠠᠵᠢᠯ ᠢᠶᠠᠨ ᠬᠠᠷᠢᠭᠤ ᠮᠡᠳᠡᠭᠦᠯᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ᠂ ᠬᠤᠲᠠ ᠶᠢᠨ ᠤᠳᠤᠷᠢᠳᠤᠯᠭ᠎ᠠ ᠰᠣ᠋ ᠵᠥᠩ ᠱᠧᠩ᠂ ᠹᠧᠩ ᠰᠢᠤᠸᠠᠢ ᠲᠤᠤ᠂ ᠸᠠᠩ ᠵᠣᠣ ᠱᠧᠩ᠂ ᠬᠤ᠋ ᠱᠠᠨ ᠱᠦᠨ᠂ ᠯᠦᠸᠧ ᠵᠢᠶᠦ᠋ᠨ ᠶᠤᠸᠠᠨ᠂ ᠳ᠋ᠧᠩ ᠺᠠᠶ᠂ ᠮᠢᠩ ᠶᠢᠦ᠂ ᠯᠢ ᠴᠦᠨ ᠰᠢᠶᠤᠤ ᠵᠢᠴᠢ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠪᠠ᠃      ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠨᠢᠶᠧ ᠿᠦᠩ ᠹᠧᠩ ᠲᠣᠰ ᠤᠳᠠᠭᠠᠨ ᠤ ᠱᠠᠯᠠᠪᠳᠠᠭᠤᠯᠤᠨ ᠵᠢᠯᠣᠭᠤᠳᠬᠤ ᠶᠢᠨ ᠴᠢᠬᠤᠯᠠ ᠠᠴᠢ ᠬᠤᠯᠪᠣᠭᠳᠠᠯ ᠢ ᠬᠦᠨᠵᠡᠭᠡᠢ ᠥᠭᠦᠯᠡᠬᠦ ᠶᠢᠨ ᠬᠠᠮᠲᠤ ᠱᠠᠯᠠᠪᠳᠠᠭᠤᠯᠤᠨ ᠵᠢᠯᠣᠭᠤᠳᠬᠤ ᠶᠢᠨ ᠭᠤᠤᠯᠳᠠᠯᠭ᠎ᠠ ᠲᠠᠢ ᠠᠭᠤᠯᠭ᠎ᠠ᠂ ᠠᠷᠭ᠎ᠠ ᠬᠡᠯᠪᠡᠷᠢ ᠪᠠ ᠠᠵᠢᠯ ᠤᠨ ᠱᠠᠭᠠᠷᠳᠠᠯᠭ᠎ᠠ ᠶᠢ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠯ ︽ᠳᠥᠷᠪᠡᠨ ᠤᠬᠠᠮᠰᠠᠷ︾ ᠤᠨ ᠰᠢᠯᠭᠠᠭᠤᠷ ᠮᠥᠨ᠂ ᠪᠠᠰᠠ ᠴᠤ ︽ᠬᠤᠶᠠᠷ ᠬᠠᠷᠢᠭᠤᠴᠠᠯᠭ᠎ᠠ︾ ᠶᠢ ᠰᠢᠯᠭᠠᠬᠤ ᠴᠢᠬᠤᠯᠠ ᠬᠡᠮᠵᠢᠭᠦᠷ ᠮᠥᠨ᠃ ᠦᠬᠠᠶ ᠬᠤᠲᠠ ᠶᠢᠨ ᠨᠠᠮ ᠤᠨ ᠬᠤᠷᠢᠶ᠎ᠠ ᠤᠯᠤᠰ ᠲᠥᠷᠥ ᠶᠢᠨ ᠦᠵᠡᠯ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠵᠦ᠂ ᠬᠠᠮᠵᠢᠯᠴᠠᠬᠤ ᠠᠵᠢᠯ ᠢᠶᠠᠨ ᠦᠨᠡᠨ ᠬᠦ ᠰᠠᠶᠢᠲᠤᠷ ᠬᠢᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠢᠨᠠᠨ ᠵᠢᠯᠣᠭᠤᠳᠬᠤ ᠠᠵᠢᠯ ᠤᠨ ᠥᠨᠳᠥᠷ ᠪᠦᠲᠦᠮᠵᠢᠲᠡᠶ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠡᠢ᠃      ᠱᠢ ᠸᠠᠨ ᠵᠢᠶᠦ᠋ᠨ ᠮᠠᠨ ᠤ ᠬᠤᠲᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠤ ᠲᠠᠷᠠᠭ᠎ᠠ᠂ ᠦᠬᠠᠶ ᠬᠤᠲᠠ ᠶᠢᠨ ᠨᠠᠮ ᠤᠨ ᠬᠤᠷᠢᠶ᠎ᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ  ᠳᠠᠬᠢ ᠲᠤᠰᠬᠠᠶ ᠲᠣᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠡᠷᠡᠰ ᠪᠡᠶᠡᠯᠡᠭᠦᠯᠦᠨ᠎ᠡ ᠬᠡᠵᠦ ᠢᠯᠡᠷᠭᠡᠶᠢᠯᠡᠵᠡᠢ᠃ ᠡᠭᠦᠨ ᠤ ᠬᠠᠮᠲᠤ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ ᠵᠢᠭᠰᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ︔ ᠬᠤᠯᠪᠤᠭᠳᠠᠯ ᠪᠥᠬᠦᠶ ᠮᠠᠭᠠᠳᠯᠠᠨ ᠲᠣᠭᠲᠠᠭᠠᠵᠤ ᠦᠨᠡᠯᠡᠨ ᠵᠢᠱᠢᠬᠦ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠪᠠ ᠶᠠᠰᠤ ᠴᠢᠨᠠᠷ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ︔ ᠤᠯᠠᠮ ᠨᠢᠭᠡ ᠠᠯᠬᠤᠮ ᠳᠠᠷᠤᠯᠲᠠ ᠥᠭᠴᠦ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠤᠳᠠᠳᠠᠢ ᠪᠠᠲᠤᠳᠬᠠᠵᠤ᠂ ᠡᠳᠦᠷ ᠲᠤᠲᠤᠮ ᠤᠨ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠨᠠᠷ ᠰᠠᠶᠢᠲᠠᠶ ᠠᠬᠢᠭᠤᠯᠵᠤ ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢ ᠪᠣᠳᠠᠲᠠᠶ ᠪᠥᠭᠡᠳ ᠨᠠᠷᠢᠯᠢᠭ ᠬᠢᠬᠦ ᠬᠡᠷᠡᠭᠳᠡᠢ ᠬᠡᠵᠦ ᠱᠠᠭᠠᠷᠳᠠᠪᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号