ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠭᠠᠵᠠᠷ ᠳᠣᠤᠷᠠᠬᠢ ᠬᠤᠭᠤᠯᠠᠶ ᠶᠢᠨ ᠲᠣᠤᠷ ᠤᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠭᠤᠯᠭ᠎ᠠ︾ ᠶᠢᠨ ᠰᠠᠨᠠᠯ ᠳᠤᠷᠠᠳᠤᠯᠭ᠎ᠠ ᠶᠢ ᠬᠦᠢᠴᠡᠳᠭᠡᠬᠦ ᠵᠦᠪᠯᠡᠯᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/27
     ᠸᠠᠩ ᠸᠧᠨ ᠵᠢᠶᠧ ᠬᠤᠷᠠᠯ ᠢ ᠡᠷᠬᠢᠯᠡᠪᠡ      9 ᠰᠠᠷ᠎ᠠ ᠶᠢᠨ 25 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠭᠠᠵᠠᠷ ᠳᠣᠤᠷᠠᠬᠢ ᠬᠤᠭᠤᠯᠠᠶ ᠶᠢᠨ ᠲᠣᠤᠷ ᠤᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠭᠤᠯᠭ᠎ᠠ︾ ᠶᠢᠨ ᠰᠠᠨᠠᠯ ᠳᠤᠷᠠᠳᠤᠯᠭ᠎ᠠ ᠶᠢ ᠬᠦᠢᠴᠡᠳᠭᠡᠬᠦ ᠵᠦᠪᠯᠡᠯᠭᠡᠨ ᠤ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ ᠬᠤᠯᠪᠤᠭᠳᠠᠯ ᠪᠥᠬᠦᠶ ᠠᠵᠢᠯᠲᠠᠨ ᠮᠠᠨ ᠤ ᠬᠤᠲᠠ ᠶᠢᠨ ᠭᠠᠵᠠᠷ ᠳᠣᠤᠷᠠᠬᠢ ᠬᠤᠭᠤᠯᠠᠶ ᠲᠤᠤᠷ ᠤᠨ ᠮᠡᠳᠡᠭᠡ ᠵᠠᠩᠬᠢᠴᠢᠯᠠᠯᠳᠠ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ︔ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠰᠠᠨᠠᠯ ᠵᠥᠪᠯᠡᠯᠭᠡ ᠶᠢ ᠲᠠᠭᠠᠭᠠᠴᠢᠯᠠᠨ ᠠᠪᠴᠤ ᠰᠢᠢᠳᠪᠦᠷᠢᠯᠡᠬᠦ ᠨᠢᠭᠡᠴᠡ ᠶᠢᠨ ᠬᠠᠷᠢᠭᠤᠴᠠᠯᠭᠠᠲᠠᠨ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠭᠰᠠᠨ ᠪᠥᠭᠡᠳ ᠬᠤᠯᠪᠤᠭᠳᠠᠯ ᠪᠥᠬᠦᠶ ᠰᠠᠨᠠᠯ ᠰᠠᠨᠠᠭᠤᠯᠭ᠎ᠠ ᠲᠤᠷᠠᠳᠪᠠ᠃      ᠸᠠᠩ ᠸᠧᠨ ᠵᠢᠶᠧ ᠵᠢᠭᠠᠵᠤ ᠭᠠᠷᠭᠠᠭᠰᠠᠨ ᠨᠢ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠵᠥᠪᠯᠡᠯᠭᠡ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠲᠦᠷᠢᠮ ᠢ ᠲᠡᠭᠦᠯᠳᠡᠷᠵᠢᠭᠦᠯᠦᠨ ᠪᠦᠷᠢᠨᠰᠢᠬᠦᠯᠬᠦ ᠨᠢᠭᠡᠨ ᠴᠢᠬᠤᠯᠠ ᠬᠡᠯᠪᠡᠷᠢ ᠮᠥᠨ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠢ ᠶᠡᠬᠡᠪᠡᠷ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠬᠦ ᠪᠣᠳᠠᠲᠠᠶ ᠦᠢᠯᠡᠳᠦᠯᠭᠡ ᠮᠥᠨ ᠬᠡᠵᠡᠢ᠃      ᠸᠠᠩ ᠸᠧᠨ ᠵᠢᠶᠧ ᠴᠢᠬᠤᠯᠠᠴᠢᠯᠠᠭᠰᠠᠨ ᠨᠢ᠂ ᠡᠯ᠎ᠡ ᠰᠠᠨᠠᠯ ᠳᠤᠷᠠᠳᠤᠯᠭ᠎ᠠ ᠶᠢ ᠲᠠᠭᠠᠭᠠᠴᠢᠯᠠᠨ ᠠᠪᠴᠤ ᠰᠢᠢᠳᠪᠦᠷᠢᠯᠡᠬᠦ ᠨᠢᠭᠡᠴᠡ ᠵᠢᠴᠢ ᠱᠠᠭᠠᠷᠳᠠᠨ ᠬᠦᠢᠴᠡᠳᠬᠡᠬᠦ ᠨᠢᠭᠡᠴᠡ ᠵᠥᠪᠳᠡᠯᠴᠡᠨ ᠨᠡᠪᠲᠡᠷᠡᠯᠴᠡᠬᠦ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ ᠲᠥᠰᠦᠯ ᠲᠣᠭᠲᠠᠭᠠᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠦᠷ᠎ᠡ ᠪᠦᠲᠦᠮᠵᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠳᠡᠢ᠃ ᠡᠯ᠎ᠡ ᠲᠠᠭᠠᠭᠠᠴᠢᠯᠠᠨ ᠠᠪᠴᠤ ᠰᠢᠢᠳᠪᠦᠷᠢᠯᠡᠬᠦ ᠨᠢᠭᠡᠴᠡ ᠢᠳᠡᠪᠬᠢᠲᠡᠢ ᠰᠠᠨᠠᠭᠠᠴᠢᠯᠠᠭ᠎ᠠ ᠲᠠᠢ ᠪᠠᠶᠢᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠠᠨᠠᠯ ᠵᠥᠪᠯᠡᠯᠭᠡ ᠰᠠᠨᠠᠭᠤᠯᠭ᠎ᠠ ᠶᠢ ᠬᠢᠰᠭᠢᠪᠡᠯ ᠳᠠᠭᠤ ᠲᠠᠢ᠂ ᠬᠢᠪᠡᠯ ᠲᠠᠭᠤᠰᠬᠠᠯ ᠲᠠᠢ ᠪᠠᠶᠢᠬᠤ ᠶᠢ ᠦᠨᠡᠨ ᠬᠦ ᠪᠠᠲᠤᠯᠠᠵᠤ᠂ ᠤᠯᠠᠨ ᠲᠦᠮᠡᠨ ᠢ ᠰᠡᠳᠬᠢᠯ ᠬᠠᠨᠤᠮᠵᠢᠲᠠᠶ ᠪᠤᠯᠭᠠᠬᠤ ᠬᠡᠷᠡᠭᠳᠡᠢ᠃ ᠳᠦᠷᠢᠮᠵᠢᠭᠦᠯᠦᠨ ᠭᠦᠢᠴᠡᠳᠬᠡᠬᠦ ᠶᠢ ᠲᠠᠰᠤᠷᠠᠯᠲᠠ ᠦᠭᠡᠢ ᠠᠬᠢᠭᠤᠯᠵᠤ᠂ ᠰᠠᠨᠠᠯ ᠳᠤᠷᠠᠳᠤᠯᠭ᠎ᠠ ᠶᠢ ᠭᠦᠢᠴᠡᠳᠬᠡᠬᠦ ᠵᠦᠪᠳᠡᠯᠴᠡᠬᠦ ᠠᠷᠭ᠎ᠠ ᠬᠡᠯᠪᠡᠷᠢ ᠪᠠ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠬᠠᠤᠯᠢ ᠪᠠᠷ ᠲᠣᠭᠲᠠᠭᠠᠭᠰᠠᠨ ᠬᠦᠢᠴᠡᠳᠬᠡᠬᠦ ᠴᠠᠭ ᠤᠨ ᠬᠢᠵᠠᠭᠠᠷ᠂ ᠬᠦᠢᠴᠡᠳᠬᠡᠬᠦ ᠳᠡᠰ ᠳᠠᠷᠠᠭᠠᠯᠠᠯ ᠪᠠ ᠬᠠᠷᠢᠭᠤᠯᠲᠠ ᠥᠭᠬᠦ ᠵᠠᠭᠪᠤᠷ ᠢ ᠴᠢᠩᠭ᠎ᠠ ᠵᠢᠷᠤᠮᠯᠠᠨ ᠬᠦᠢᠴᠡᠳᠬᠡᠵᠦ᠂ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ᠂ ᠬᠠᠷᠢᠭᠤᠯᠳᠠ ᠨᠢ ᠵᠢᠷᠤᠮᠵᠢᠯ ᠲᠠᠢ᠂ ᠴᠠᠭ ᠲᠤᠬᠠᠶ ᠳᠤᠨᠢ ᠬᠠᠷᠢᠭᠤ ᠲᠤᠰᠬᠠᠵᠤ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠲᠦᠯᠬᠢᠨ ᠠᠬᠢᠭᠤᠯᠬᠤ ᠬᠡᠷᠡᠭᠳᠡᠢ ᠬᠡᠵᠡᠢ᠃      ᠸᠠᠩ ᠸᠧᠨ ᠵᠢᠶᠧ ᠰᠠᠨᠠᠭᠤᠯᠤᠭᠰᠠᠨ ᠨᠢ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠬᠠᠮᠢᠶᠠᠷᠤᠯᠲᠠ ᠶᠢᠨ ᠪᠠᠶᠢᠭᠤᠯᠤᠮᠵᠢ ᠪᠠᠨ ᠰᠢᠯᠤᠭᠤᠳᠬᠠᠵᠤ᠂ ᠲᠦᠯᠦᠪᠵᠢᠬᠦᠯᠭᠡ᠂ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠤᠷᠢᠳᠠᠴᠢ ᠨᠥᠬᠦᠴᠡᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠢᠯᠭᠠᠨ ᠠᠪᠬᠤ ᠲᠣᠭᠲᠠᠴᠠ  ᠪᠠᠨ ᠲᠡᠭᠦᠯᠳᠡᠷᠵᠢᠭᠦᠯᠵᠦ᠂ ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠰᠢᠷᠢᠰ ᠲᠦᠷᠢᠮ ᠢ ᠴᠢᠩᠭ᠎ᠠ ᠬᠡᠷᠡᠭᠵᠢᠭᠦᠯᠵᠦ᠂ ᠬᠥᠳᠡᠯᠦᠩᠭᠦᠶ ᠰᠢᠨᠡᠴᠢᠯᠡᠯᠲᠡ ᠶᠢ ᠪᠡᠶᠡᠯᠡᠭᠦᠯᠬᠦ ᠬᠡᠷᠡᠭᠳᠡᠢ︔ ᠣᠳᠣ ᠶᠢᠨ ᠪᠠᠶᠢᠭ᠎ᠠ ᠬᠤᠭᠤᠯᠠᠶ ᠲᠣᠤᠷ ᠤᠨ ᠪᠠᠶᠢᠭᠤᠯᠤᠯᠲᠠ ᠶᠢᠨ ᠣᠨ ᠵᠢᠯ᠂ ᠣᠷᠣᠨ ᠪᠠᠶᠢᠷᠢ᠂ ᠮᠠᠲ᠋ᠧᠷᠢᠶᠠᠯ ᠤᠨ ᠴᠢᠨᠠᠷ᠂ ᠤᠷᠲᠤ ᠶᠢᠨ ᠬᠡᠮᠵᠢᠶ᠎ᠡ᠂ ᠬᠤᠭᠤᠯᠠᠶ ᠶᠢᠨ ᠳ᠋ᠢᠶᠠᠮᠧᠲᠷ᠂ ᠪᠦᠷᠢᠨ ᠪᠦᠲᠦᠨ ᠵᠡᠷᠭᠡ ᠪᠠᠶᠢᠳᠠᠯ ᠢ ᠣᠶᠢᠯᠠᠭᠠᠵᠤ᠂ ᠭᠠᠵᠠᠷ ᠳᠣᠤᠷᠠᠬᠢ ᠬᠤᠭᠤᠯᠠᠶ ᠲᠤᠤᠷ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠬᠡᠷᠡᠭᠳᠡᠢ᠃ ᠭᠠᠵᠠᠷ ᠳᠣᠤᠷᠠᠬᠢ ᠬᠤᠭᠤᠯᠠᠶ ᠲᠤᠤᠷ ᠤᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠶᠤᠨᠴᠢ ᠬᠤᠭᠤᠯᠠᠶ ᠲᠣᠤᠷ ᠢ ᠪᠠᠶᠢᠭᠤᠯᠵᠤ᠂ ᠨᠠᠷᠢᠯᠢᠬᠵᠢᠭᠤᠯᠤᠨ ᠬᠠᠮᠢᠶᠠᠷᠤᠨ ᠡᠵᠡᠮᠳᠡᠬᠦ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号