ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠲᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/9/27
     ᠱᠢ ᠸᠠᠨ ᠵᠢᠶᠦ᠋ᠨ ᠬᠤᠷᠠᠯ ᠢ ᠡᠷᠬᠢᠯᠡᠵᠦ  ᠲᠠᠩ ᠢ  ᠬᠠᠨ ᠬᠦᠸᠧ ᠦ᠋   ᠸᠠᠩ ᠸᠧᠨ ᠵᠢᠶᠧ ᠬᠤᠷᠠᠯ ᠳᠤ ᠣᠷᠣᠯᠴᠠᠪᠠ      ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠲᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠲᠦᠭᠡᠮᠡᠯᠵᠢᠬᠦᠯᠬᠦ᠂ ᠦᠨᠳᠦᠰᠦᠲᠡᠨ ᠤ ᠠᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠲᠤᠬᠠᠶ ᠴᠢᠬᠤᠯᠠ ᠥᠭᠦᠯᠡᠯᠲᠡ ᠵᠢᠴᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠪᠠ᠃      ᠲᠠᠩ ᠢ᠂ ᠬᠠᠨ ᠬᠦᠸᠧ ᠦ᠋᠂ ᠸᠠᠩ ᠸᠧᠨ ᠵᠢᠶᠧ᠂ ᠴᠢ ᠹᠸᠢ ᠶᠦᠨ ᠵᠡᠷᠭᠡ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠲᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠲᠤᠰᠬᠠᠶ ᠠᠵᠢᠯ ᠤᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠳᠡᠳ᠋ ᠱᠦᠵᠢ ᠳ᠋ᠢ ᠿᠦᠢ ᠵᠧᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠭᠤᠤᠯᠳᠠᠯᠭᠠᠲᠤ ᠳᠤᠭᠤᠶᠢᠯᠠᠩ ᠤᠨ ᠭᠡᠰᠢᠭᠦᠳ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠡᠰ ᠳᠠᠷᠠᠭᠠᠯᠠᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠠᠴᠠ ᠮᠠᠨ ᠤ ᠬᠤᠲᠠ ᠶᠢᠨ ᠬᠤᠯᠪᠤᠭᠳᠠᠯ ᠪᠦᠬᠦᠢ ᠠᠵᠢᠯ ᠢ ᠭᠦᠢᠴᠡᠳ ᠨᠤᠲᠠᠯᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠬᠦ ᠲᠤᠬᠠᠶ ᠳᠠᠬᠢᠨ ᠬᠠᠪᠰᠤᠷᠤᠨ ᠵᠢᠯᠣᠭᠤᠳᠴᠤ᠂ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤᠨ ᠤ ᠬᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠬᠦᠨᠵᠡᠭᠡᠶᠢᠷᠡᠬᠦᠯᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠦ ᠱᠠᠭᠠᠷᠳᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠠᠬᠢᠭᠤᠯᠬᠤ ᠪᠣᠯ ᠨᠠᠮ ᠪᠣᠯᠤᠨ ᠤᠯᠤᠰ ᠤᠨ ᠦᠨᠳᠦᠰᠦᠳᠡᠨ ᠤ ᠭᠠᠵᠠᠷ ᠣᠷᠣᠨ ᠳᠠᠬᠢ ᠬᠠᠯᠠᠮᠵᠢᠯᠠᠯ ᠪᠣᠯᠤᠨ᠎ᠠ᠃ ᠦᠨᠳᠦᠰᠦᠲᠡᠨ ᠤ ᠪᠦᠯᠬᠦᠮᠳᠡᠯ ᠪᠠ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠳᠠᠪᠰᠢᠯᠲᠠ ᠶᠢ ᠠᠬᠢᠭᠤᠯᠬᠤ ᠳᠤ ᠠᠰᠢᠭᠳᠠᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠳᠤ ᠠᠰᠢᠭᠲᠠᠶ᠂ ᠣᠳᠣᠬᠠᠨ ᠳᠤ ᠠᠰᠢᠭᠲᠠᠶ ᠪᠥᠭᠡᠳ ᠠᠯᠤᠰ ᠬᠡᠳᠦ ᠳᠤ ᠠᠰᠢᠭᠳᠠᠢ ᠠᠵᠢᠯ ᠪᠣᠯᠤᠨ᠎ᠠ᠂ ᠮᠥᠨ ᠴᠦ ᠡᠷᠬᠡᠪᠰᠢ ᠪᠡᠶᠡᠯᠡᠭᠦᠯᠬᠦ ᠬᠡᠷᠡᠭᠲᠡᠶ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠡᠭᠦᠨ ᠢ ᠡᠷᠬᠡᠪᠰᠢ ᠲᠡᠷᠡ ᠶᠣᠰᠣᠭᠠᠷ ᠨᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠣᠨᠣᠯ ᠤᠨ ᠲᠠᠯ᠎ᠠ ᠪᠠᠷ ᠨᠡᠩ ᠰᠡᠷᠭᠡᠭ ᠪᠠᠶᠢᠵᠤ᠂ ᠦᠵᠡᠯ ᠰᠠᠨᠠᠭ᠎ᠠ ᠲᠠᠨᠢᠯᠲᠠ ᠪᠣᠯᠤᠨ ᠴᠢᠬᠤᠯᠠᠴᠢᠯᠠᠬᠤ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠭᠤᠷᠪᠠ ᠶᠢ ᠡᠷᠬᠡᠪᠰᠢ ᠤᠯᠠᠮ ᠨᠢᠭᠡ ᠠᠯᠬᠤᠮ ᠠᠬᠢᠭᠤᠯᠬᠤ︾ ᠴᠢᠬᠤᠯᠠ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠡᠷᠡᠰ ᠭᠤᠶᠢᠪᠢᠰᠢ ᠥᠬᠡᠶ ᠠᠬᠢᠭᠤᠯᠵᠤ᠂ ᠥᠪᠥᠷ ᠮᠣᠩᠭᠤᠯ ᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠢᠷᠠᠭᠤ ᠠᠯᠳᠠᠷ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ︽ᠦᠬᠠᠶ ᠶᠢᠨ ᠬᠤᠪᠢ ᠨᠡᠮᠡᠷᠢ︾ ᠶᠢ ᠦᠵᠡᠭᠦᠯᠬᠦ ᠬᠡᠷᠡᠭᠲᠡᠶ᠃ ᠤᠯᠤᠰ ᠲᠥᠷᠥ ᠶᠢᠨ ᠲᠠᠯ᠎ᠠ ᠪᠠᠷ ᠨᠠᠩ ᠪᠠᠲᠤ ᠴᠢᠩᠭ᠎ᠠ ᠪᠠᠶᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠳᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠨᠠᠩ ᠲᠣᠳᠣᠷᠬᠠᠶ ᠪᠠᠶᠢᠵᠤ᠂ ᠤᠯᠤᠰ ᠤᠨ ᠲᠥᠷᠥ ᠶᠢᠨ ᠪᠣᠳᠣᠯᠭ᠎ᠠ ᠶᠢ ᠣᠨᠣᠪᠴᠢᠳᠠᠢ ᠣᠶᠢᠯᠭᠠᠨ ᠡᠵᠡᠮᠰᠢᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ︽ᠲᠠᠪᠤ ᠶᠢ ᠲᠣᠳᠣᠷᠬᠠᠶ ᠶᠠᠷᠢᠬᠤ︾ ᠶᠢ ᠦᠨᠡᠨᠬᠦ ᠪᠡᠶᠡᠯᠡᠭᠦᠯᠵᠦ᠂ ︽ᠲᠠᠪᠤ ᠶᠢ ᠬᠤᠪᠢᠷᠠᠭᠤᠯᠬᠤ ᠦᠭᠡᠢ︾ ᠭᠡᠳᠡᠭ ᠢ ᠲᠣᠳᠣᠷᠬᠠᠶᠢᠯᠠᠨ ᠲᠠᠶᠢᠯᠪᠤᠷᠢᠯᠠᠵᠤ᠂ ᠣᠯᠠᠨ ᠢ ᠬᠠᠪᠰᠤᠷᠤᠨ ᠦᠵᠡᠯ ᠰᠠᠨᠠᠭᠠᠨ ᠤ ᠲᠠᠯ᠎ᠠ ᠪᠠᠷ ᠬᠢ ᠡᠷᠡᠭᠡᠯᠵᠡᠯ ᠪᠠ ᠵᠣᠪᠠᠨᠢᠯ ᠢ ᠨᠢ ᠠᠷᠢᠯᠭᠠᠵᠤ᠂ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠦᠨᠡᠨᠬᠦ ᠪᠠᠲᠤᠯᠠᠬᠤ ᠬᠡᠷᠡᠭᠳᠡᠢ᠃ ᠠᠵᠢᠯ ᠤᠨ ᠲᠠᠯ᠎ᠠ ᠪᠠᠷ ᠨᠠᠩ ᠯᠠᠪᠳᠠᠭᠤᠨ ᠪᠠᠲᠤᠲᠠᠶ ᠪᠠᠶᠢᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠵᠢᠯᠣᠭᠤᠳᠬᠤ ᠰᠠᠨᠠᠯ ᠲᠠᠢ ᠤᠶᠠᠯᠳᠤᠭᠤᠯᠤᠨ᠂ ᠠᠵᠢᠯ ᠢᠶᠠᠨ ᠪᠤᠳᠠᠳᠠᠢ ᠪᠥᠭᠡᠳ ᠨᠠᠷᠢᠯᠢᠭ ᠬᠢᠵᠦ᠂ ᠬᠠᠷᠢᠭᠤᠴᠠᠯᠭ᠎ᠠ ᠪᠠᠨ ᠪᠠᠲᠤ ᠰᠠᠬᠢᠵᠦ᠂ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠵᠦ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号