ᠬᠤᠲᠠ ᠶᠢᠨ ᠨᠠᠮ ᠤᠨ ᠬᠤᠷᠢᠶᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠯᠲᠠ ᠶᠢ ᠨᠠᠶᠢᠳᠠᠪᠤᠷᠢᠵᠢᠭᠤᠯᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠤᠶᠠᠳᠤᠭᠠᠷ ᠣᠳᠠᠭᠠᠨ ᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2020/9/27
     ᠱᠢ ᠸᠠᠨ ᠵᠢᠶᠦ᠋ᠨ ᠬᠤᠷᠠᠯ ᠡᠷᠬᠢᠯᠡᠵᠦ ᠲᠠᠩ ᠢ ᠬᠤᠷᠠᠯ ᠳᠤ ᠣᠷᠣᠯᠴᠠᠵᠠᠢ      9 ᠰᠠᠷ᠎ᠠ ᠶᠢᠨ 25 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠯᠲᠠ ᠶᠢ ᠨᠠᠶᠢᠳᠠᠪᠤᠷᠢᠵᠢᠭᠤᠯᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠣᠳᠠᠭᠠᠨ ᠤ ᠬᠤᠷᠠᠯ ᠢ ᠡᠷᠭᠢᠯᠡᠨ ᠬᠤᠷᠠᠯᠳᠣᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠰᠢᠨᠵᠢᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠴᠠᠭᠳᠠᠨ ᠪᠠᠶᠢᠴᠠᠭᠠᠬᠤ ᠨᠢᠭᠡᠳᠦᠭᠡᠷ ᠱᠠᠯᠠᠪᠳᠠᠭᠤᠯᠤᠨ ᠵᠢᠯᠣᠭᠤᠳᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠤᠳᠤᠷᠢᠳᠤᠯᠭ᠎ᠠ ᠰᠣ᠋ ᠵᠥᠩ ᠱᠧᠩ᠂ ᠹᠧᠩ ᠰᠢᠤᠸᠠᠢ ᠲᠤᠤ᠂ ᠸᠠᠩ ᠵᠣᠣ ᠱᠧᠩ᠂ ᠯᠦᠸᠧ ᠵᠢᠶᠦ᠋ᠨ ᠶᠤᠸᠠᠨ᠂ ᠵᠢᠶᠠ ᠴᠢᠩ ᠳ᠋ᠦᠩ᠂ ᠯᠢᠶᠠᠩ ᠱᠣ᠋ ᠫᠢᠩ᠂ ᠰᠦᠨ ᠬᠤᠤ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠯᠤᠰ ᠲᠥᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠵᠢᠴᠢ ᠲᠡᠭᠦᠨ ᠤ ᠬᠠᠷᠢᠭᠤ ᠲᠤᠰᠬᠠᠭᠰᠠᠨ ᠰᠠᠨᠠᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠣᠯᠤᠨ ᠱᠠᠭᠠᠷᠳᠠᠯᠭ᠎ᠠ ᠶᠢ ᠴᠢᠩᠭ᠎ᠠ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠩᠭ᠎ᠠ ᠠᠩᠬᠠᠷᠴᠣ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠡᠢ᠃ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠪᠠ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠤᠳᠤᠷᠢᠳᠬᠤ ᠳᠤᠭᠤᠶᠢᠯᠠᠩ᠂ ᠭᠤᠤᠯ ᠴᠣᠭᠴᠠ ᠶᠢᠨ ᠠᠯᠪᠠᠨ ᠭᠡᠷ ᠵᠢᠴᠢ ᠡᠯ᠎ᠡ ᠲᠤᠰᠬᠠᠶ ᠳᠤᠭᠤᠶᠢᠯᠠᠩ᠂ ᠬᠢᠨᠠᠯᠲᠠ ᠲᠠᠯᠪᠢᠬᠤ ᠠᠯᠪᠠᠨ ᠭᠡᠷ ᠨᠢ ᠡᠳᠦᠷ ᠲᠤᠲᠤᠮ ᠤᠨ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠨ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠨᠢ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠪᠠᠳᠠᠷᠠᠭᠤᠯᠬᠤ ᠬᠡᠷᠡᠭᠲᠡᠶ᠃ ᠠᠵᠢᠯ ᠤᠨ ᠨᠢᠭᠡᠳᠦᠯᠲᠡᠶ ᠲᠥᠯᠥᠪᠵᠢᠭᠦᠯᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠪᠠ ᠰᠢᠮᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号