ᠬᠤᠳᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠯᠡᠬᠦ ᠬᠤᠷᠠᠯ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠪᠠ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/27
     ᠱᠢ ᠸᠠᠨ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ  ᠲᠠᠩ ᠢ ᠬᠤᠷᠠᠯ ᠢ ᠡᠷᠬᠢᠯᠡᠪᠡ      9 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠯᠡᠬᠦ ᠬᠤᠷᠠᠯ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠪᠠ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠱᠢ ᠸᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠳᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠲᠠᠩ ᠢ ᠬᠤᠷᠠᠯ ᠢ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠣ᠋ ᠵᠥᠩ ᠱᠧᠩ᠂ ᠹᠧᠩ ᠰᠢᠤᠸᠠᠢ ᠲᠤᠤ᠂ ᠸᠠᠩ ᠵᠣᠣ ᠱᠧᠩ᠂ ᠾᠦᠸᠧ ᠵᠧᠨ ᠭᠦᠸᠧ᠂ ᠵᠢᠶᠠ ᠴᠢᠩ ᠳ᠋ᠦᠩ ᠨᠡᠷ ᠬᠤᠷᠠᠯ ᠳᠤ ᠣᠷᠣᠯᠴᠠᠵᠠᠶ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠨ ᠬᠤᠶᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠦᠷᠦ ᠶᠢᠨ ᠭᠡᠰᠢᠭᠦᠨ ᠼᠦᠢ ᠵᠢᠩ ᠸᠧᠨ ᠨᠠᠮ ᠠᠴᠠ ᠵᠡᠪᠰᠡᠭᠲᠤ ᠬᠦᠴᠦᠨ ᠢ ᠬᠠᠮᠢᠶᠠᠷᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠨᠠᠭᠰᠢᠳᠠ ᠰᠠᠶᠢᠵᠢᠷᠠᠭᠤᠯᠬᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠠᠵᠢᠯ ᠤᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠴᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠤᠮᠠᠨᠳᠠᠯᠠᠭᠴᠢ ᠾᠦᠸᠧ ᠵᠧᠨ ᠭᠦᠸᠧ ᠮᠠᠨ ᠤ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠠᠵᠢᠯ ᠤᠨ ᠲᠤᠬᠠᠶ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠡᠶ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠱᠢ ᠸᠠᠨ ᠵᠢᠶᠦ᠋ᠨ ᠭᠤᠷᠪᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠬᠢᠭᠰᠡᠨ ᠪᠠᠶᠢᠳᠠᠯ ᠢ ᠦᠨᠡᠯᠡᠪᠡ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠲᠡᠭᠦᠰ ᠠᠮᠵᠢᠯᠳᠠ ᠣᠯᠬᠤ ᠵᠢᠯ᠂ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠬᠡᠯ ᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠢᠳᠡᠪᠬᠢᠲᠡᠢ ᠵᠣᠬᠢᠴᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠬᠦᠴᠦᠯᠡᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠨ᠎ᠡ ᠴᠠᠭ ᠦᠶ᠎ᠡ ᠶᠢᠨ ᠵᠡᠪᠰᠡᠭᠲᠦ ᠬᠦᠴᠦᠨ ᠢ ᠨᠠᠮ ᠬᠠᠮᠢᠶᠠᠷᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠳᠡᠢ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠪᠡᠯᠡᠳᠬᠡᠯ ᠬᠦᠴᠦᠨ ᠢ ᠬᠦᠴᠦᠷᠬᠡᠭᠵᠢᠭᠦᠯᠦᠨ᠂ ᠦᠨᠳᠦᠰᠦᠨ ᠱᠠᠲᠤᠨ ᠤ ᠰᠠᠭᠤᠷᠢ ᠶᠢ ᠴᠢᠩᠭᠠᠳᠬᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠵᠡᠪᠰᠡᠭᠲᠦ ᠬᠦᠴᠦᠨ ᠢ ᠨᠠᠮ ᠬᠠᠮᠢᠶᠠᠷᠬᠤ ᠪᠦᠬᠦ ᠶᠠᠪᠤᠴᠠ ᠡᠯ᠎ᠡ ᠲᠠᠯ᠎ᠠ ᠳᠤ ᠦᠨᠡᠨ ᠬᠦ ᠪᠦᠬᠦ ᠲᠠᠯ᠎ᠠ ᠪᠠᠷ ᠣᠨᠣᠪᠴᠢᠲᠠᠶ ᠲᠤᠤᠱᠯᠠᠭᠤᠯᠬᠤ ᠬᠡᠷᠡᠭᠲᠡᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢᠶᠠᠨ ᠭᠦᠢᠴᠡᠳ ᠰᠠᠶᠢᠲᠤᠷ ᠬᠢᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠳᠡᠢ᠃ ᠬᠤᠶᠠᠷ ᠢ ᠬᠦᠷᠢᠶᠡᠯᠡᠬᠦ ᠠᠵᠢᠯ ᠢ ᠨᠠᠷᠢᠯᠢᠭ ᠪᠣᠳᠠᠲᠠᠶ ᠬᠢᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠬᠦᠴᠦᠯᠡᠨ ᠴᠢᠩᠭᠠᠳᠬᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠤ ᠠᠬᠤᠶ ᠨᠡᠶᠢᠭᠡᠮ ᠤᠨ ᠵᠤᠬᠢᠴᠠᠩᠭᠤᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠳᠡᠢ᠃ ᠵᠡᠪᠰᠡᠭᠲᠦ ᠬᠦᠴᠦᠨ ᠢ ᠨᠠᠮ ᠬᠠᠮᠢᠶᠠᠷᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠬᠡᠵᠦ᠂ ᠲᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠵᠡᠪᠰᠡᠭᠲᠤ ᠬᠦᠴᠦᠨ ᠢ ᠨᠠᠮ ᠬᠠᠮᠢᠶᠠᠷᠬᠤ ᠡᠯ᠎ᠡ ᠵᠦᠢᠯ ᠤᠨ ᠠᠵᠢᠯ ᠢ ᠱᠠᠯᠠᠪᠳᠠᠨ ᠪᠣᠳᠠᠲᠠᠶ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠳᠡᠢ ᠬᠡᠵᠡᠢ᠃      ᠳᠠᠩ ᠢ ᠴᠢᠬᠤᠯᠠᠴᠢᠯᠠᠭᠰᠠᠨ ᠨᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠴᠢᠬᠤᠯᠠ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠨᠧᠷᠭᠢ ᠶᠢᠨ ᠨᠡᠭᠡᠭᠡᠯᠲᠡ ᠠᠰᠢᠭᠯᠠᠯᠲᠠ᠂ ᠰᠢᠨᠵᠢᠯᠡᠭᠡ ᠮᠡᠷᠭᠡᠵᠢᠯ ᠤᠨ ᠰᠢᠨ᠎ᠡ ᠡᠭᠦᠳᠦᠯᠲᠡ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠷᠡᠭᠴᠡᠭᠡ ᠶᠢ ᠠᠭᠤᠰᠤᠯᠴᠠᠭᠤᠯᠵᠤ᠂ ᠵᠦᠶ ᠵᠣᠬᠢᠰᠲᠠᠶ ᠪᠠᠶᠢᠷᠢᠰᠢᠭᠤᠯᠵᠤ᠂ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠭᠦᠨᠵᠡᠭᠡᠶ ᠬᠥᠭᠵᠢᠭᠦᠯᠬᠦ ᠶᠢ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠦᠢᠯᠡᠴᠢᠯᠡᠭᠡ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠭᠦᠢᠴᠡᠳ ᠨᠢᠭᠲᠠᠷᠠᠭᠤᠯᠵᠤ᠂ ᠪᠦᠬᠦ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号