ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠭᠤᠤᠯ ᠰᠡᠳᠦᠪᠲᠦ ᠠᠩᠭᠢ ᠶᠢᠨ ᠬᠤᠷᠠᠯ ᠢᠶᠠᠷ ᠳᠠᠮᠵᠢᠭᠤᠯᠤᠨ ᠡᠬᠡ ᠣᠷᠣᠨᠴᠢ ᠦᠵᠡᠯ ᠤᠨ ᠬᠥᠮᠦᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2020/9/28
     9 ᠰᠠᠷ᠎ᠠ ᠶᠢᠨ 25 ᠤ ᠡᠳᠦᠷ᠂ ᠰᠤᠷᠪᠤᠯᠵᠢᠯᠠᠭᠴᠢ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠢᠷᠡᠬᠦ ᠦᠶ᠎ᠡ ᠳᠤ᠂ ᠬᠡᠰᠡᠭ ᠠᠩᠭᠢ ᠶᠠᠭ ︽ᠡᠬᠡ ᠤᠯᠤᠰ ᠢᠶᠠᠨ ᠬᠠᠶᠢᠷᠠᠯᠠᠵᠤ᠂ ᠤᠯᠤᠰ ᠤᠨ ᠪᠠᠶᠠᠷ ᠢ ᠤᠭᠲᠤᠬᠤ︾ ᠪᠠᠷ ᠭᠤᠤᠯ ᠰᠡᠳᠦᠪ ᠪᠣᠯᠭᠠᠭᠰᠠᠨ ᠠᠩᠭᠢ ᠶᠢᠨ ᠬᠤᠷᠠᠯ ᠥᠷᠨᠢᠭᠦᠯᠵᠦ ᠪᠠᠶᠢᠪᠠ᠃      ︽ᠪᠣᠰᠴᠠᠭ᠎ᠠ︕ ᠪᠣᠭᠤᠯ ᠪᠣᠯᠬᠤ ᠳᠤᠷ᠎ᠠ ᠦᠭᠡᠢ ᠬᠥᠮᠦᠰ︕ ᠮᠠᠨ ᠤ ᠴᠢᠰᠤ ᠮᠢᠬᠠᠨ ᠤ ᠪᠠᠷᠢᠯᠳᠤᠯᠭ᠎ᠠ ᠪᠠᠨ ᠮᠠᠨ ᠤ ᠰᠢᠨ᠎ᠡ ᠤᠷᠳᠤ ᠴᠠᠭᠠᠨ ᠬᠡᠷᠡᠮ ᠪᠣᠯᠭᠠᠨ ᠴᠣᠭᠴᠠᠯᠠᠶ᠎ᠠ ᠁︾ ᠬᠡᠵᠦ ᠶᠢᠰᠦᠳᠦᠭᠡᠷ ᠣᠨ ᠤ ᠨᠢᠭᠡᠳᠦᠭᠡᠷ ᠠᠩᠬᠢ ᠶᠢᠨ ᠭᠤᠣᠯ ᠰᠡᠳᠦᠪᠲᠦ ᠠᠩᠬᠢ ᠶᠢᠨ ᠬᠤᠷᠠᠯ ᠪᠠᠭᠰᠢ ᠰᠤᠷᠤᠭᠴᠢᠳ ᠤᠨ ᠤᠯᠤᠰ ᠤᠨ ᠰᠦᠯᠳᠡ ᠳᠠᠭᠤᠤ ᠶᠢᠨ ᠲᠤᠮᠳᠠ ᠡᠬᠢᠯᠡᠵᠡᠢ᠃ ᠠᠩᠭᠢ ᠶᠢᠨ ᠬᠤᠷᠠᠯ ᠳᠡᠭᠡᠷ᠎ᠡ᠂ ᠰᠤᠷᠤᠭᠴᠢᠳ ᠦᠯᠢᠭᠡᠷ ᠶᠠᠷᠢᠬᠤ᠂ ᠰᠢᠯᠦᠭ ᠤᠶᠠᠩᠭᠠᠯᠠᠬᠤ ᠵᠡᠷᠭᠡ ᠬᠡᠯᠪᠡᠷᠢ ᠪᠠᠷ ᠡᠬᠡ ᠤᠯᠤᠰ ᠢᠶᠠᠨ ᠮᠠᠭᠲᠠᠨ ᠳᠠᠭᠤᠯᠠᠬᠤ᠂ ᠤᠯᠤᠰ ᠤᠨ ᠲᠤᠭ ᠤᠯᠤᠰ ᠤᠨ ᠰᠦᠯᠳᠡ ᠶᠢᠨ ᠮᠡᠳᠡᠯᠭᠡ ᠶᠢ ᠲᠦᠭᠡᠮᠡᠯᠵᠢᠭᠦᠯᠪᠡ᠃ ︽ᠪᠢ ᠭᠤᠤᠯ ᠰᠡᠳᠦᠪᠲᠦ ᠠᠩᠭᠢ ᠶᠢᠨ ᠬᠤᠷᠠᠯ ᠤᠨ ᠬᠥᠳᠡᠯᠭᠡᠭᠡᠨ ᠳᠤ ᠮᠠᠰᠢ ᠳᠤᠷᠠᠲᠠᠶ᠂ ᠠᠳᠠᠯᠢ ᠪᠤᠰᠤ ᠭᠤᠣᠯ ᠰᠡᠳᠦᠪᠲᠦ ᠠᠩᠭᠢ ᠶᠢᠨ ᠬᠤᠷᠠᠯ ᠢᠶᠠᠷ ᠳᠠᠮᠵᠢᠨ ᠪᠢ ᠮᠠᠰᠢ ᠣᠯᠠᠨ ᠮᠡᠳᠡᠯᠭᠡ ᠰᠤᠷᠴᠤ ᠴᠢᠳᠠᠨ᠎ᠠ︾ ᠭᠡᠵᠦ ᠶᠢᠰᠦᠳᠦᠭᠡᠷ ᠣᠨ ᠤ ᠨᠢᠭᠡᠳᠦᠭᠡᠷ ᠠᠩᠭᠢ ᠶᠢᠨ ᠰᠤᠷᠤᠭᠴᠢ ᠮᠠ ᠯᠢᠩ ᠯᠢᠩ ᠬᠡᠯᠡᠪᠡ᠃      ᠶᠢᠰᠦᠳᠦᠭᠡᠷ ᠣᠨ ᠤ ᠬᠤᠶᠠᠳᠤᠭᠠᠷ ᠠᠩᠭᠢ ᠶᠢᠨ ᠭᠤᠣᠯ ᠰᠡᠳᠦᠪᠲᠦ ᠠᠩᠭᠢ ᠶᠢᠨ ᠬᠤᠷᠠᠯ ᠳᠡᠭᠡᠷ᠎ᠡ᠂ ᠰᠤᠷᠤᠭᠴᠢᠳ ᠲᠣᠭᠤᠷᠢᠨ ᠰᠠᠭᠤᠵᠤ᠂ ᠨᠢᠭᠡᠨ ᠬᠠᠮᠲᠤ ᠰᠤᠷᠤᠭᠴᠢ ᠶᠢᠨ ᠤᠯᠤᠰ ᠤᠨ ᠪᠠᠶᠠᠷ ᠤᠨ ᠢᠷᠡᠯᠳᠡ ᠶᠢᠨ ᠲᠤᠬᠠᠶ ᠶᠠᠷᠢᠭᠰᠠᠨ ᠠᠭᠤᠯᠭ᠎ᠠ ᠶᠢ ᠰᠡᠳᠬᠢᠯ ᠲᠠᠯᠪᠢᠨ ᠰᠣᠨᠣᠰᠴᠤ ᠪᠠᠶᠢᠯ᠎ᠠ᠃ ᠵᠠᠯᠭᠠᠭᠠᠳ ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠦᠷᠨᠢᠬᠦᠯᠵᠦ᠂ ᠰᠤᠷᠤᠭᠴᠢᠳ ᠪᠠᠶᠢᠨ ᠲᠠᠬᠢᠨ ᠭᠠᠷ ᠡᠷᠭᠦᠨ ᠠᠰᠠᠭᠤᠯᠲᠠ ᠬᠠᠷᠢᠭᠤᠯᠵᠤ᠂ ᠭᠤᠤᠯ ᠰᠡᠳᠦᠪᠲᠦ ᠠᠩᠭᠢ ᠶᠢᠨ ᠬᠤᠷᠠᠯ ᠤᠨ ᠠᠭᠤᠷ ᠠᠮᠢᠰᠬᠤᠯ ᠢ ᠬᠥᠭᠵᠢᠭᠡᠨ ᠲᠠᠢ ᠪᠣᠯᠭᠠᠪᠠ᠃ ︽ᠪᠢ ᠡᠬᠡ ᠤᠯᠤᠰ ᠲᠠᠭᠠᠨ ᠬᠠᠶᠢᠷᠠᠲᠠᠶ᠂ ᠪᠢ ᠵᠠᠪᠠᠯ ᠰᠠᠶᠢᠨ ᠰᠤᠷᠤᠯᠴᠠᠬᠤ ᠬᠡᠷᠡᠭᠲᠡᠶ᠃ ᠬᠤᠵᠢᠮ ᠰᠣᠷᠣᠭᠰᠠᠨ ᠮᠡᠳᠡᠯᠭᠡ ᠪᠠᠨ ᠠᠰᠢᠭᠯᠠᠨ ᠡᠬᠡ ᠣᠷᠣᠨ ᠳᠠᠭᠠᠨ ᠬᠦᠴᠦ ᠪᠠᠨ ᠡᠷᠭᠦᠵᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠪᠠᠨ ᠲᠡᠷᠭᠡᠯᠰᠢᠭᠦᠯᠬᠦ ᠳᠤ ᠬᠤᠪᠢ ᠨᠡᠮᠡᠷᠢ ᠪᠠᠨ ᠦᠵᠡᠭᠦᠯᠬᠦ ᠪᠣᠯᠤᠨ᠎ᠠ︾ ᠭᠡᠵᠦ ᠰᠤᠷᠤᠭᠴᠢ ᠱᠢ ᠴᠢᠩ ᠴᠢᠩ ᠬᠡᠯᠡᠪᠡ᠃      ᠬᠤᠶᠠᠳᠤᠭᠠᠷ ᠣᠨ ᠤ ᠭᠤᠣᠯ ᠰᠡᠳᠦᠪᠲᠦ ᠠᠩᠭᠢ ᠶᠢᠨ ᠬᠤᠷᠠᠯ ᠳᠡᠭᠡᠷ᠎ᠡ᠂ ᠪᠢᠴᠢᠬᠠᠨ ᠨᠠᠶᠢᠵᠠ ᠨᠠᠷ ᠶᠠᠭ ᠨᠠᠷᠢᠨ ᠬᠢᠨᠠᠮᠠᠭᠠᠢ ᠵᠢᠷᠤᠭ ᠵᠢᠷᠤᠵᠤ᠂ ᠦᠩᠭᠡ ᠪᠦᠷᠢ ᠶᠢᠨ ᠵᠢᠷᠤᠭᠠᠰᠤ ᠪᠢᠴᠢᠭᠡᠰᠦ᠂ ᠪᠦᠲᠦᠭᠡᠯᠴᠢ ᠰᠠᠨᠠᠭ᠎ᠠ ᠲᠠᠢ ᠵᠢᠷᠤᠭ ᠳᠦᠷᠰᠦ᠂ ᠥᠩᠭᠡ ᠪᠤᠳᠤᠭ ᠢᠶᠠᠨ ᠣᠯᠠᠨ ᠶᠠᠩᠵᠤ ᠪᠠᠷ ᠲᠤᠬᠢᠷᠠᠭᠤᠯᠵᠤ ᠪᠠᠶᠢᠯ᠎ᠠ᠃ ᠲᠡᠳᠡ ᠤᠯᠤᠰ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ ᠵᠢᠷᠤᠭ ᠵᠢᠷᠤᠵᠤ ᠡᠬᠡ ᠤᠯᠤᠰ ᠲᠠᠭᠠᠨ ᠢᠷᠦᠭᠡᠯ ᠢᠶᠠᠨ ᠲᠡᠪᠰᠢᠬᠦᠯᠵᠦ ᠪᠤᠢ᠃      ᠁      ᠬᠡᠤᠬᠡᠳ ᠪᠣᠯ ᠤᠯᠤᠰ ᠣᠷᠣᠨ ᠤ ᠢᠷᠡᠭᠡᠳᠦᠶ ᠪᠠ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠬᠡᠤᠬᠡᠳ ᠤᠳ ᠢ ᠡᠷᠡᠭᠦᠯ ᠴᠢᠭᠢᠷᠠᠭ᠂ ᠪᠠᠶᠠᠷ ᠬᠥᠷ ᠲᠠᠢ᠂ ᠵᠣᠯ ᠵᠢᠷᠭᠠᠯ ᠲᠠᠢ ᠪᠠᠷ ᠦᠰᠦᠨ ᠪᠤᠶᠢᠵᠢᠭᠤᠯᠬᠤ ᠪᠣᠯ ᠰᠤᠷᠭᠠᠨ ᠬᠥᠮᠦᠵᠢᠯ ᠤᠨ ᠴᠢᠬᠤᠯᠠ ᠡᠭᠦᠷᠭᠡ ᠮᠥᠨ᠃ ︽ᠰᠤᠷᠭᠠᠭᠤᠯᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠠᠩᠭᠢ ᠪᠦᠯᠬᠦᠮ ᠤᠨ ᠬᠤᠷᠠᠯ ᠤᠨ ᠠᠵᠢᠯᠯᠠᠭ᠎ᠠ᠂ ᠶᠣᠰᠣ ᠰᠤᠷᠲᠠᠬᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠠ ᠡᠳᠦᠷ ᠲᠤᠲᠤᠮ ᠤᠨ ᠦᠢᠯᠡᠰ ᠠᠵᠢᠯᠯᠠᠭ᠎ᠠ ᠶᠢᠨ ᠵᠢᠷᠤᠮᠵᠢᠯ ᠢ ᠪᠣᠶ ᠪᠣᠯᠭᠠᠬᠤ ᠪᠠᠷ ᠳᠡᠮᠵᠢᠨ᠂ ᠡᠬᠡ ᠣᠷᠣᠨᠴᠢ ᠦᠵᠡᠯ ᠪᠣᠯᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠲᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠪᠦᠬᠦ ᠰᠣᠷᠣᠭᠴᠢᠳ ᠢ ᠡᠷᠡᠭᠦᠯ ᠴᠢᠭᠢᠷᠠᠭ ᠪᠠᠶᠠᠷ ᠬᠦᠷ ᠲᠠᠢ ᠪᠠᠷ ᠦᠰᠦᠨ ᠪᠤᠶᠢᠵᠢᠭᠤᠯᠤᠨ᠎ᠠ︾ ᠬᠡᠵᠦ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠯᠢᠦ ᠺᠦᠨ ᠮᠢᠩ ᠬᠡᠯᠡᠪᠡ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号