ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠠᠶᠢᠴᠠᠭᠠᠨ ᠰᠤᠳᠤᠯᠬᠤ ᠲᠤᠭᠤᠶᠢᠯᠠᠩ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/9/28
     9 ᠰᠠᠷ᠎ᠠ ᠶᠢᠨ 26 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠠᠷᠤᠭ᠎ᠠ ᠪᠠᠶ ᡁᠢ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠬᠤᠲᠠ ᠳᠤ ᠦᠬᠠᠶ ᠨᠠᠭᠤᠷ ᠢ ᠲᠣᠭᠤᠷᠢᠭᠰᠠᠨ ᠵᠢᠭᠤᠯᠴᠢᠯᠠᠯ ᠤᠨ ᠵᠠᠮ᠂ ᠮᠤᠵᠢ ᠶᠢᠨ ᠵᠠᠮ ᠤᠨ 217 ᠱᠤᠭᠤᠮ ᠤᠨ ᠬᠠᠶᠢᠷᠤᠪ ᠤᠨ ᠲᠣᠬᠤᠢ ᠶᠢᠨ ᠬᠤᠲᠠ ᠶᠢ ᠲᠣᠭᠤᠷᠢᠭᠰᠠᠨ ᠬᠡᠰᠡᠭ ᠵᠡᠷᠭᠡ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ᠂ ᠳᠡᠳ᠋ ᠬᠤᠲᠠ ᠶᠢᠨ ᠳᠠᠷᠤᠭ᠎ᠠ ᠯᠢᠶᠠᠩ ᠱᠣ᠋ ᠫᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᡁᠢ ᠨᠡᠷ ᠤᠷᠢᠳ ᠬᠤᠵᠢᠳ ᠦᠬᠠᠶ ᠨᠠᠭᠤᠷ ᠢ ᠲᠣᠭᠤᠷᠢᠭᠰᠠᠨ ᠵᠢᠭᠤᠯᠴᠢᠯᠠᠯ ᠤᠨ ᠵᠠᠮ᠂ ᠮᠤᠵᠢ ᠶᠢᠨ ᠵᠠᠮ ᠤᠨ 217 ᠱᠤᠭᠤᠮ ᠤᠨ  ᠬᠠᠶᠢᠷᠤᠪ ᠤᠨ ᠲᠣᠬᠤᠢ ᠶᠢᠨ ᠬᠤᠲᠠ ᠶᠢ ᠲᠣᠭᠤᠷᠢᠭᠰᠠᠨ ᠬᠡᠰᠡᠭ ᠤᠨ ᠲᠥᠷᠥᠯ ᠵᠦᠢᠯ ᠤᠨ ᠪᠠᠷᠢᠯᠭ᠎ᠠ ᠶᠢᠨ ᠠᠬᠤᠶ ᠲᠠᠯᠠᠪᠠᠶ ᠳᠤ ᠬᠦᠷᠴᠦ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠵᠢᠷᠤᠭ ᠢ ᠨᠢ ᠦᠵᠡᠬᠦ ᠵᠡᠷᠭᠡ ᠠᠷᠭ᠎ᠠ ᠪᠠᠷ ᠳᠠᠮᠵᠢᠨ᠂ ᠪᠠᠷᠢᠯᠭ᠎ᠠ ᠶᠢᠨ ᠲᠦᠢᠮᠣ ᠪᠠᠶᠢᠳᠠᠯ᠂ ᠪᠠᠷᠢᠯᠭ᠎ᠠ ᠶᠢᠨ ᠠᠬᠢᠴᠠ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠪᠡᠯᠡ ᠣᠷᠣᠭᠤᠯᠤᠯᠲᠠ ᠶᠢᠨ ᠬᠡᠪᠴᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠭᠦᠨ ᠤ ᠬᠠᠮᠲᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠶᠢᠨ ᠲᠤᠬᠠᠶ ᠲᠥᠷᠥᠯ ᠵᠦᠢᠯ ᠤᠨ ᠬᠠᠷᠢᠭᠤᠴᠠᠯᠭᠠᠳᠠᠨ ᠲᠠᠢ ᠶᠠᠷᠢᠯᠴᠠᠪᠠ᠃      ᠪᠠᠶ ᡁᠢ ᠵᠢᠭᠠᠵᠤ ᠭᠠᠷᠭᠠᠭᠰᠠᠨ ᠨᠢ᠂ ᠦᠬᠠᠶ ᠬᠤᠲᠠ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠣᠶᠢᠷ᠎ᠠ ᠶᠢᠨ ᠵᠢᠯ ᠳᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠶ ᠠᠵᠢᠯ ᠬᠢᠵᠦ᠂ ᠡᠯ᠎ᠡ ᠵᠦᠢᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠯᠠᠪᠳᠠᠭᠤᠨ ᠪᠠᠲᠤᠲᠠᠶ ᠬᠦᠴᠦᠲᠡᠶ ᠲᠦᠯᠬᠢᠨ ᠠᠬᠢᠭᠤᠯᠪᠠ᠃ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠮ ᠬᠠᠷᠢᠯᠴᠠᠭᠠᠨ ᠤ ᠦᠷ᠎ᠡ ᠪᠦᠲᠦᠮᠵᠢ ᠪᠠ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠠᠷᠢᠭᠤᠴᠠᠯᠭᠠᠲᠤ ᠤᠬᠠᠮᠰᠠᠷ  ᠂ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠢᠨᠵᠧᠨᠧᠷᠢᠩ ᠤᠨ ᠨᠠᠷᠢᠨ ᠵᠦᠢᠯᠡᠰ ᠢ ᠴᠢᠩᠭ᠎ᠠ ᠠᠳᠬᠤᠵᠤ᠂ ᠢᠨᠵᠧᠨᠧᠷᠢᠩ ᠤᠨ ᠶᠠᠰᠤ ᠴᠢᠨᠠᠷ ᠢ ᠦᠨᠡᠨᠬᠦ ᠪᠠᠲᠤᠯᠠᠵᠤ᠂ ᠰᠣᠳᠣᠨ ᠢᠨᠵᠧᠨᠧᠷᠢᠩ᠂ ᠦᠯᠢᠭᠡᠷ ᠳᠠᠭᠤᠷᠢᠶᠠᠯ ᠢᠨᠵᠧᠨᠧᠷᠢᠩ᠂ ᠵᠢᠱᠢᠶ᠎ᠡ ᠦᠵᠡᠭᠦᠯᠬᠦ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠳᠡᠢ᠃ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠬᠦ ᠶᠢ ᠪᠠᠲᠤᠯᠠᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠡᠷᠲᠡᠬᠡᠨ ᠦᠢᠯᠡᠴᠢᠯᠡᠵᠦ᠂ ᠣᠷᠣᠨ ᠨᠤᠲᠤᠭ ᠤᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠳᠡᠢ᠃ ᠵᠠᠮ ᠬᠠᠷᠢᠯᠴᠠᠭᠠᠨ ᠤ ᠲᠥᠷᠥᠯ ᠵᠦᠢᠯ ᠢ ᠰᠠᠶᠢᠲᠤᠷ ᠲᠥᠯᠥᠪᠯᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠲᠠᠢ ᠨᠠᠷᠢᠨ ᠬᠢᠨᠠᠮᠠᠭᠠᠢ ᠤᠶᠠᠯᠳᠤᠭᠤᠯᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠲᠥᠰᠦᠪᠯᠡᠵᠦ᠂ ᠨᠠᠩ ᠳᠥᠭᠦᠮ ᠳᠥᠲᠡ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠠᠶᠢᠭᠤᠯᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠦᠬᠠᠶ ᠶᠢᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠳᠠᠮᠵᠢᠵᠤ᠂ ᠦᠬᠠᠶ ᠶᠢᠨ ᠵᠠᠮ ᠬᠠᠷᠢᠯᠴᠠᠭᠠᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠵᠦ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠦᠬᠠᠶ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号