ᠬᠤᠲᠠ ᠶᠢᠨ ᠵᠠᠰᠠᠭ ᠤᠨ ᠣᠷᠳᠣᠨ 2020 ᠣᠨ ᠤ 16 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/28
     9 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ᠬᠤᠲᠠ ᠶᠢᠨ ᠵᠠᠰᠠᠭ ᠤᠨ ᠣᠷᠳᠣᠨ ᠤ 2020 ᠣᠨ ᠤ 16 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠦᠬᠠᠶ ᠬᠤᠳᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠬᠡᠷᠡᠭᠵᠢᠭᠦᠯᠬᠦ ᠪᠡᠯᠡᠳᠭᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ︽ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠦᠬᠠᠶ ᠬᠤᠲᠠ ᠶᠢᠨ ᠬᠡᠷᠡᠭᠵᠢᠭᠦᠯᠬᠦ ᠰᠠᠨᠠᠯ︾ ᠢ ᠰᠤᠳᠤᠯᠤᠨ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠸᠠᠩ ᠵᠤᠤ ᠱᠧᠩ᠂ ᠬᠤ᠋ ᠱᠠᠨ ᠱᠦᠨ᠂ ᠳᠡᠳ᠋ ᠬᠤᠲᠠ ᠶᠢᠨ ᠳᠠᠷᠤᠭ᠎ᠠ ᠯᠢᠶᠠᠩ ᠱᠣ᠋ ᠫᠢᠩ᠂ ᠡᠤ ᠶᠧ ᠸᠧᠨ᠂ ᠰᠦᠨ ᠬᠤᠤ ᠵᠢᠴᠢ ᠨᠠᠷᠢᠨ ᠪᠢᠴᠢᠭ ᠤᠨ ᠳᠠᠷᠤᠭ᠎ᠠ ᠮᠧᠩ ᠫᠧᠶ ᠶᠦᠨ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ 10 ᠰᠠᠷ᠎ᠠ ᠶᠢᠨ 1 ᠤ ᠡᠳᠦᠷ ᠠᠴᠠ ᠡᠬᠢᠯᠡᠨ᠂ ᠭᠤᠣᠯ ᠬᠤᠲᠠ ᠶᠢᠨ ᠲᠣᠭᠤᠷᠢᠭ ᠲᠤ ᠬᠤᠸᠠᠷ ᠫᠤᠤᠵᠢᠩ ᠲᠠᠯᠪᠢᠬᠤ ᠶᠢ ᠪᠦᠬᠦ ᠲᠠᠯ᠎ᠠ ᠪᠠᠷ ᠴᠠᠭᠠᠵᠠᠯᠠᠨ᠎ᠠ᠂ ᠡᠨᠡ ᠪᠣᠯ ᠮᠠᠨ ᠤ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠣᠳᠠᠲᠤ ᠪᠠᠶᠢᠳᠠᠯ ᠪᠣᠯᠤᠨ᠎ᠠ᠂ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠥᠬᠡ ᠣᠭᠲᠠᠷᠭᠤᠶ ᠶᠢ ᠬᠠᠮᠠᠭᠠᠯᠠᠬᠤ ᠲᠠᠶᠢᠨ ᠳᠤ ᠡᠷᠡᠰ ᠢᠯᠠᠯᠲᠠ ᠣᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠦᠨ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠤᠸᠠᠷ ᠫᠤᠤᠵᠢᠩ ᠲᠠᠯᠪᠢᠬᠤ ᠶᠢ ᠬᠠᠮᠢᠶᠠᠷᠤᠨ ᠡᠵᠡᠮᠳᠡᠬᠦ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠵᠦ᠂ ᠰᠣᠨᠢᠨ᠂ ᠲᠧᠯᠸᠢᠰ᠂ ᠰᠦᠯᠵᠢᠶ᠎ᠡ ᠵᠡᠷᠭᠡ ᠣᠯᠠᠨ ᠵᠦᠢᠯ ᠤᠨ ᠵᠠᠭᠤᠴᠢᠯᠠᠭᠤᠷ ᠢ ᠠᠰᠢᠭᠯᠠᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠤᠨ ᠤᠬᠠᠭᠤᠯᠭ᠎ᠠ ᠪᠠᠨ ᠴᠢᠩᠭᠠᠳᠬᠠᠵᠤ᠂ ᠡᠷᠦᠬᠡ ᠪᠣᠯᠭᠠᠨ ᠳᠤ ᠮᠡᠳᠡᠭᠦᠯᠬᠦ ᠬᠡᠷᠡᠭᠲᠡᠶ᠃ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠪᠠᠨ ᠴᠢᠩᠭᠠᠳᠬᠠᠵᠤ᠂ ᠬᠤᠸᠠᠷ ᠫᠤᠤᠵᠢᠩ ᠬᠠᠤᠯᠢ ᠪᠤᠰᠤ ᠪᠠᠷ ᠦᠢᠯᠡᠳᠪᠦᠷᠢᠯᠡᠭᠰᠡᠨ᠂ ᠵᠥᠭᠡᠭᠡᠪᠦᠷᠢᠯᠡᠭᠰᠡᠨ᠂ ᠬᠠᠳᠠᠭᠠᠯᠠᠭᠰᠠᠨ᠂ ᠪᠤᠷᠤᠯᠠᠭᠤᠯᠤᠭᠰᠠᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠸᠠᠷ ᠫᠤᠤᠵᠢᠩ ᠲᠠᠯᠪᠢᠭᠰᠠᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠬᠤ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠳᠡᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠴᠢᠩᠭ᠎ᠠ ᠪᠣᠳᠠᠲᠠᠢ ᠪᠥᠭᠡᠳ ᠵᠦᠢᠯ ᠵᠤᠷᠪᠤᠰ ᠳᠠᠷᠠᠭᠠᠯᠠᠨ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠲᠦᠰᠦᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠢ᠃ ᠪᠦᠬᠦ ᠬᠤᠲᠠ ᠶᠢᠨ ᠠᠭᠤᠷᠬᠠᠶ ᠳᠤ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠮᠠᠨ ᠤ ᠬᠤᠲᠠ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠠᠬᠤᠢ ᠶᠢᠨ ᠨᠡᠬᠡᠬᠡᠯᠳᠡ ᠶᠢᠨ ᠣᠷᠣᠨ ᠪᠣᠯ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢᠨ ᠭᠤᠣᠯ ᠲᠠᠶᠢᠨ ᠤ ᠲᠠᠯᠠᠪᠤᠷ᠂ ᠭᠤᠣᠯ ᠵᠢᠭᠰᠠᠭᠠᠯ ᠤᠨ ᠭᠠᠵᠠᠷ᠂ ᠭᠤᠣᠯ ᠬᠥᠳᠡᠯᠭᠡᠭᠦᠷ ᠪᠣᠯᠤᠨ᠎ᠠ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠢ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠣᠷᠣᠨ ᠂ ᠪᠡᠯᠡ ᠣᠷᠣᠭᠤᠯᠤᠨ ᠦᠢᠯᠡᠰ ᠪᠣᠰᠬᠠᠬᠤ ᠬᠠᠷᠠᠯᠲᠠ ᠶᠢᠨ ᠣᠷᠣᠨ᠂ ᠠᠮᠢ ᠠᠬᠤᠶ ᠶᠢᠨ ᠪᠣᠬᠢᠷᠲᠤᠯ ᠦᠭᠡᠶ ᠪᠠᠷ ᠦᠢᠯᠡᠰ ᠪᠣᠰᠬᠠᠬᠤ ᠣᠷᠣᠨ᠂ ᠤᠷᠲᠤᠳᠬᠠᠨ ᠨᠥᠬᠦᠪᠥᠷᠢᠯᠡᠬᠦ ᠬᠡᠯᠬᠢᠶ᠎ᠡ ᠶᠢ ᠬᠠᠮᠲᠤᠪᠠᠷ ᠡᠳ᠋ᠯᠡᠬᠦ ᠣᠷᠣᠨ ᠪᠣᠯᠤᠨ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠭᠤᠤᠯ ᠳᠠᠶᠢᠨ ᠤ ᠲᠠᠯᠠᠪᠤᠷ ᠪᠣᠯᠭᠠᠨ ᠪᠦᠲᠦᠭᠡᠨ ᠪᠠᠶᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠳᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠮᠠᠨ ᠤ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠬᠡᠷᠡᠭᠳᠡᠢ ᠬᠡᠵᠡᠢ᠃      ᠬᠤᠷᠠᠯ ᠠᠴᠠ ︽ᠬᠤᠲᠠ ᠶᠢᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠣᠯᠳᠠ ᠶᠢᠨ ᠠᠵᠢᠯ ᠢ ᠴᠢᠩᠭᠠᠳᠬᠠᠬᠤ ᠲᠤᠬᠠᠶ ᠰᠠᠨᠠᠯ︾ ︽ᠦᠬᠠᠶ ᠬᠤᠲᠠ ᠶᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠠᠵᠢᠯ ᠢ ᠰᠠᠶᠢᠵᠢᠷᠠᠭᠤᠯᠬᠤ ᠬᠡᠷᠡᠭᠵᠢᠭᠦᠯᠬᠦ ᠲᠥᠰᠦᠯ︾ ᠢ ᠰᠤᠳᠤᠯᠤᠨ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠪᠠᠰᠠ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠤᠴᠢᠷ ᠶᠠᠪᠤᠳᠠᠯ ᠪᠣᠯᠤᠨ ᠠᠮᠤᠷ ᠲᠦᠪᠰᠢᠨ ᠤ ᠰᠡᠷᠭᠡᠶᠢᠯᠡᠯᠲᠡ᠂ ᠪᠣᠬᠢᠷᠲᠤᠯ ᠢ ᠰᠡᠷᠭᠡᠶᠢᠯᠡᠨ ᠵᠠᠰᠠᠬᠤ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠵᠠᠳᠠᠯᠤᠯᠲᠠ᠂ ᠬᠤᠳᠠᠯᠳᠤᠭ᠎ᠠ ᠡᠵᠡᠩᠨᠡᠬᠦ ᠤᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号