ᠮᠠᠨ ᠤ ᠬᠤᠲᠠ 10 ᠰᠠᠷ᠎ᠠ ᠶᠢᠨ 1 ᠤ ᠡᠳᠦᠷ ᠠᠴᠠ ᠡᠬᠢᠯᠡᠨ ᠡᠯ᠎ᠡ ᠲᠣᠭᠤᠷᠢᠭ ᠤᠨ ᠲᠥᠪ ᠲᠣᠭᠤᠷᠢᠭ ᠲᠤ ᠫᠤᠤᠵᠢᠩ ᠲᠠᠯᠪᠢᠬᠤ ᠶᠢ ᠪᠥᠬᠦ ᠲᠠᠯ᠎ᠠ ᠪᠠᠷ ᠴᠠᠭᠠᠵᠠᠯᠠᠨ᠎ᠠ
ᠨᠡᠶᠢᠲᠡᠯᠡᠭᠰᠡᠨ ᠴᠠᠭ᠄
2020/9/29
     10 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠬᠤᠲᠠ ᠶᠢᠨ ᠡᠯ᠎ᠡ ᠲᠣᠭᠤᠷᠢᠭ ᠤᠨ ᠲᠥᠪ ᠲᠣᠭᠤᠷᠢᠭ ᠲᠤ ᠫᠤᠤᠵᠢᠩ ᠲᠠᠯᠪᠢᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠬᠠᠤᠯᠢ ᠪᠤᠰᠤ ᠪᠠᠷ ᠫᠤᠤᠵᠢᠩ ᠲᠡᠭᠡᠭᠡᠪᠦᠷᠢᠯᠡᠬᠦ᠂ ᠪᠣᠷᠣᠯᠠᠭᠤᠯᠬᠤ ᠪᠠ ᠫᠤᠤᠵᠢᠩ ᠲᠠᠯᠪᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠡᠨᠡ ᠵᠢᠯ ᠠᠴᠠ ᠨᠠᠰᠢ᠂ ᠮᠠᠨ ᠤ ᠬᠤᠲᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠬᠤᠲᠠ ᠶᠢᠨ ᠵᠠᠰᠠᠭ ᠤᠨ ᠣᠷᠳᠣᠨ ︽ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ︾ ᠪᠣᠯᠤᠨ ︽ᠦᠬᠠᠶ ᠬᠤᠲᠠ ᠶᠢᠨ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠳᠣᠲᠣᠭᠠᠳᠤ ᠶᠢ ᠬᠠᠮᠠᠭᠠᠯᠠᠬᠤ ᠳᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠣᠪᠴᠢᠶ᠎ᠠ᠂ ᠬᠤᠲᠠ ᠶᠢᠨ ᠬᠠᠮᠢᠶᠠᠷᠤᠯᠲᠠ ᠳᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠣᠪᠴᠢᠶ᠎ᠠ ᠵᠡᠷᠭᠡ ᠰᠠᠯᠠᠭ᠎ᠠ ᠮᠥᠴᠢᠷ ᠫᠤᠤᠵᠢᠩ ᠲᠠᠯᠪᠢᠬᠤ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠢ ᠶᠡᠬᠡᠪᠡᠷ ᠥᠷᠨᠢᠭᠦᠯᠪᠡ᠃      ︽ᠵᠠᠷᠯᠠᠯ︾ ᠳᠤ ᠮᠠᠨ ᠤ ᠬᠤᠲᠠ ᠶᠢᠨ ᠡᠯ᠎ᠡ ᠲᠣᠭᠤᠷᠢᠭ ᠤᠨ ᠲᠥᠪ ᠲᠣᠭᠤᠷᠢᠭ ᠪᠠ ᠪᠤᠰᠣᠳ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠪᠦᠰᠡ ᠳᠤ ᠶᠠᠮᠠᠷᠪᠠ ᠨᠢᠭᠡᠴᠡ᠂ ᠬᠤᠪᠢ ᠬᠥᠮᠦᠨ ᠶᠠᠮᠠᠷᠪᠠ ᠴᠠᠭ ᠲᠤ ᠡᠯ᠎ᠡ ᠲᠥᠷᠥᠯ ᠤᠨ ᠫᠤᠤᠵᠢᠩ ᠪᠣᠷᠣᠯᠠᠭᠤᠯᠬᠤ ᠪᠠ ᠲᠠᠯᠪᠢᠵᠤ ᠪᠣᠯᠬᠤ ᠦᠭᠡᠢ᠃ 9 ᠰᠠᠷ᠎ᠠ ᠶᠢᠨ 30 ᠤ ᠡᠳᠦᠷ ᠠᠴᠠ ᠡᠮᠦᠨ᠎ᠡ᠂ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠪᠦᠰᠡ ᠶᠢᠨ ᠲᠤᠲᠤᠷᠠᠭᠢ ᠫᠤᠤᠵᠢᠩ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠭᠠᠵᠠᠷ ᠳᠡᠯᠭᠡᠭᠦᠷ ᠢᠶᠠᠨ ᠬᠠᠭᠠᠬᠤ ᠪᠤᠶᠤ ᠡᠵᠡᠩᠨᠡᠯᠲᠡ ᠪᠠᠨ ᠬᠤᠪᠢᠷᠠᠭᠤᠯᠤᠭᠰᠠᠨ ᠪᠠᠶᠢᠬᠤ ᠬᠡᠷᠡᠭᠲᠡᠢ ᠭᠡᠵᠦ ᠲᠣᠭᠲᠠᠭᠠᠵᠠᠢ᠃      ᠬᠤᠷᠢᠮ ᠨᠠᠶᠢᠷ᠂ ᠳᠠᠶᠢᠯᠠᠯᠭ᠎ᠠ᠂ ᠣᠷᠣᠰᠢᠭᠤᠯᠭ᠎ᠠ ᠶᠢᠨ ᠦᠢᠯᠡᠴᠢᠯᠡᠭᠡ ᠬᠠᠩᠭᠠᠬᠤ ᠡᠵᠡᠩᠨᠡᠭᠴᠢ ᠫᠤᠤᠵᠢᠩ ᠲᠠᠯᠪᠢᠬᠤ ᠶᠢ ᠴᠠᠭᠠᠵᠠᠯᠠᠭᠰᠠᠨ ᠲᠣᠭᠲᠠᠭᠠᠯ ᠢ ᠮᠡᠳᠡᠭᠳᠡᠬᠦ ᠡᠭᠦᠷᠭᠡ ᠲᠠᠢ᠂ ᠳᠣᠭᠲᠠᠭᠠᠯ ᠤᠨ ᠬᠠᠮᠢᠶ᠎ᠠ ᠪᠥᠬᠦᠢ ᠠᠭᠤᠯᠭ᠎ᠠ ᠶᠢ ᠪᠢᠴᠢᠭ ᠢᠶᠠᠷ ᠬᠡᠯᠪᠡᠷᠢ ᠪᠠᠷ ᠤᠷᠢᠳᠴᠢᠯᠠᠨ ᠮᠡᠳᠡᠭᠳᠡᠵᠦ᠂ ᠬᠠᠤᠯᠢ ᠠᠴᠠ ᠵᠥᠷᠢᠴᠡᠨ ᠫᠤᠤᠵᠢᠩ ᠲᠠᠯᠪᠢᠭᠰᠠᠨ ᠦᠢᠯᠡ ᠠᠵᠢᠯᠯᠠᠭ᠎ᠠ ᠳᠤ ᠦᠢᠯᠡᠴᠢᠯᠡᠭᠡ ᠬᠠᠩᠭᠠᠬᠤ ᠦᠭᠡᠢ᠂ ᠬᠠᠤᠯᠢ ᠠᠴᠠ ᠵᠥᠷᠢᠴᠡᠨ ᠫᠤᠤᠵᠢᠩ ᠲᠠᠯᠪᠢᠭᠰᠠᠨ ᠦᠢᠯᠡ ᠠᠵᠢᠯᠯᠠᠭ᠎ᠠ ᠶᠢ ᠢᠳᠬᠠᠵᠤ ᠬᠤᠷᠢᠭᠯᠠᠭᠰᠠᠨ ᠴᠤ ᠦᠢᠯᠡᠳᠦᠯ ᠭᠠᠷᠬᠤ ᠦᠭᠡᠢ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ᠥᠷᠭᠡᠨ ᠣᠯᠠᠨ ᠠᠷᠠᠳ ᠲᠦᠮᠡᠨ ᠫᠤᠤᠵᠢᠩ ᠲᠠᠯᠪᠢᠬᠤ ᠶᠢ ᠴᠠᠭᠠᠵᠠᠯᠠᠬᠤ ᠬᠤᠯᠪᠣᠭᠳᠠᠯ ᠪᠦᠬᠦᠢ ᠬᠠᠤᠯᠢ ᠳᠦᠷᠢᠮ ᠪᠣᠯᠤᠨ ᠲᠥᠷᠥ ᠶᠢᠨ ᠪᠣᠳᠣᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠮᠠᠨ ᠤ ᠬᠤᠲᠠ ᠶᠢᠨ ︽ᠬᠥᠬᠡ ᠣᠭᠲᠠᠷᠭᠤᠢ ᠪᠠᠨ ᠬᠠᠮᠠᠭᠠᠯᠠᠬᠤ ᠳᠠᠶᠢᠨ︾ ᠤ ᠢᠯᠠᠯᠲᠠ ᠶᠢ ᠡᠷᠡᠰ ᠲᠡᠮᠡᠴᠡᠨ ᠣᠯᠵᠤ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠵᠤ᠂ ᠱᠤᠤᠭᠢᠶᠠᠨ ᠤ ᠪᠣᠬᠢᠷᠳᠠᠯ ᠢ ᠪᠠᠭᠤᠷᠠᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠳᠤ ᠬᠤᠪᠢ ᠨᠡᠮᠡᠷᠢ ᠪᠠᠨ ᠦᠵᠡᠭᠦᠯᠦᠶ᠎ᠡ︕  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号