ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ 2020 ᠣᠨ ᠤ ᠰᠢᠨ᠎ᠡ ᠨᠠᠮ ᠤᠨ ᠭᠡᠰᠢᠭᠦᠳ ᠤᠨ ᠨᠠᠮ ᠳᠤ ᠣᠷᠣᠬᠤ ᠲᠠᠩᠭᠠᠷᠢᠭᠯᠠᠯ ᠤᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020/9/29
     9 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ 2020 ᠣᠨ ᠤ ᠰᠢᠨ᠎ᠡ ᠨᠠᠮ ᠤᠨ ᠭᠡᠰᠢᠭᠦᠳ ᠤᠨ ᠨᠠᠮ ᠳᠤ ᠣᠷᠣᠬᠤ ᠲᠠᠩᠭᠠᠷᠢᠭᠯᠠᠯ ᠤᠨ ᠶᠣᠰᠣᠯᠠᠯ ᠶᠠᠪᠤᠭᠤᠯᠪᠠ᠃      ︽ᠪᠣᠰᠴᠠᠭ᠎ᠠ︕ ᠪᠣᠭᠤᠯ ᠪᠣᠯᠬᠤ ᠳᠤᠷ᠎ᠠ ᠦᠭᠡᠢ ᠬᠥᠮᠦᠰ ᠡ︕ ᠴᠢᠰᠤ ᠮᠢᠬ᠎ᠠ ᠪᠠᠷ ᠢᠶᠠᠨ ᠪᠢᠳᠡᠨ ᠰᠢᠨ᠎ᠡ ᠴᠠᠭᠠᠨ ᠬᠡᠷᠡᠮ ᠢ ᠪᠠᠶᠢᠭᠤᠯᠤᠶ᠎ᠠ ᠁︾ ᠲᠠᠩᠭᠠᠷᠢᠭᠯᠠᠬᠤ ᠶᠣᠰᠤᠯᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠠᠭᠠᠤ ᠬᠥᠰᠢᠭᠡ ᠪᠠᠨ ᠰᠡᠬᠦᠪᠡ᠃ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ 110 ᠭᠠᠷᠤᠶ ᠰᠢᠨ᠎ᠡ ᠨᠠᠮ ᠤᠨ ᠭᠡᠰᠢᠭᠦᠳ ᠲᠠᠷᠢ ᠲᠡᠭᠰᠢ ᠵᠢᠭᠰᠠᠵᠤ᠂ ᠨᠠᠮ ᠤᠨ ᠲᠤᠭ ᠤᠨ ᠳᠤᠤᠷ᠎ᠠ᠂ ᠪᠠᠷᠠᠭᠤᠨ ᠨᠢᠳᠤᠷᠭ᠎ᠠ ᠪᠠᠨ ᠴᠢᠩᠭ᠎ᠠ ᠠᠳᠬᠤᠵᠤ᠂ ᠲᠥᠪ ᠴᠢᠩᠭ᠎ᠠ ᠪᠠᠷ ᠲᠠᠩᠭᠠᠷᠢᠭᠯᠠᠪᠠ᠃ ︽ᠪᠢ ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠨᠠᠮ ᠤᠨ ᠬᠥᠲᠥᠯᠪᠦᠷᠢ ᠶᠢ ᠬᠦᠷᠢᠶᠡᠯᠡᠵᠦ᠂ ᠨᠠᠮ ᠤᠨ ᠲᠦᠷᠢᠮ ᠢ ᠵᠢᠷᠤᠮᠯᠠᠵᠤ᠂ ᠨᠠᠮ ᠤᠨ ᠭᠡᠰᠢᠭᠦᠨ ᠤ ᠡᠭᠦᠷᠭᠡ ᠪᠠᠨ ᠭᠦᠢᠴᠡᠳᠬᠡᠵᠦ᠂ ᠨᠠᠮ ᠤᠨ ᠲᠣᠭᠲᠠᠭᠠᠯ ᠢ ᠬᠡᠷᠡᠭᠵᠢᠭᠦᠯᠵᠦ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠤᠨ ᠨᠢᠭᠤᠴᠠ ᠶᠢ ᠬᠠᠮᠠᠭᠠᠯᠠᠨ᠎ᠠ ᠁︾ ᠭᠡᠵᠦ ᠡᠷᠡᠰ ᠬᠦᠴᠦᠲᠡᠢ ᠲᠠᠩᠭᠠᠷᠢᠭ ᠤᠨ ᠳᠠᠭᠤᠨ ᠠᠬᠤᠢ ᠲᠠᠯᠠᠪᠠᠢ ᠳᠤ ᠴᠤᠤᠷᠢᠶᠠᠲᠤᠪᠠ᠃      ᠰᠢᠨ᠎ᠡ ᠨᠠᠮ ᠤᠨ ᠭᠡᠰᠢᠭᠦᠳ ᠢᠯᠡᠷᠬᠡᠶᠢᠯᠡᠭᠰᠡᠨ ᠨᠢ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠤ ᠣᠷᠣᠬᠤ ᠤᠭ ᠰᠠᠨᠠᠭ᠎ᠠ ᠪᠠᠨ ᠮᠠᠷᠲᠠᠬᠤ ᠦᠭᠡᠢ᠂ ᠴᠠᠭ ᠢᠮᠠᠭᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭ ᠢᠮᠠᠭᠲᠠ ᠨᠢᠭᠡᠨ ᠰᠢᠯᠢᠳᠡᠭ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠨᠠᠮ ᠪᠠ ᠣᠯᠠᠨ ᠲᠦᠮᠡᠨ ᠤ ᠬᠤᠯᠪᠣᠭᠠᠰᠤ ᠪᠠ ᠬᠥᠭᠦᠷᠭᠡ ᠪᠣᠯᠵᠤ᠂ ᠥᠷᠭᠡᠨ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠬᠠᠮᠲᠤ ᠪᠠᠷ ᠳᠠᠪᠰᠢᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠮᠦᠵᠢᠯ᠂ ᠬᠠᠮᠢᠶᠠᠷᠤᠯᠲᠠ ᠪᠣᠯᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠣᠬᠢᠶᠠᠨ ᠪᠠᠶᠢᠭᠤᠯᠤᠯᠲᠠ ᠶᠢᠨ ᠦᠵᠡᠯᠲᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭᠠᠨ ᠤ ᠤᠬᠠᠮᠰᠠᠷ ᠪᠠ ᠤᠯᠤᠰ ᠲᠥᠷᠥ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠨᠠᠮ ᠤᠨ ᠭᠡᠰᠢᠭᠦᠨ ᠤ ᠡᠭᠦᠷᠭᠡ ᠪᠠᠨ ᠭᠦᠢᠴᠡᠳᠭᠡᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠲᠤᠯᠠᠨ᠎ᠠ᠃ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠢᠯᠡᠳᠦᠯᠭᠡ ᠳᠤ ᠣᠷᠣᠯᠴᠠᠨ᠂ ᠨᠠᠮ ᠤᠨ ᠲᠤᠭ ᠲᠤ ᠭᠡᠷᠡᠯ ᠭᠢᠯᠪᠠᠭ᠎ᠠ ᠨᠡᠮᠡᠷᠢᠯᠡᠵᠦ᠂ ᠡᠷᠡᠭᠦᠯ ᠥᠭᠡᠳᠡᠷᠬᠡᠭ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ ᠰᠡᠳᠬᠢᠯ ᠰᠠᠨᠠᠭ᠎ᠠ ᠪᠠᠨ ᠢᠮᠠᠭᠲᠠ ᠪᠠᠷᠢᠮᠲᠠᠯᠠᠵᠤ᠂ ᠡᠪ ᠬᠠᠮᠲᠤᠴᠤᠳ ᠤᠨ ᠰᠦᠷ ᠵᠢᠪᠬᠤᠯᠠᠩᠲᠤ ᠲᠥᠪ ᠰᠤᠷᠲᠠᠯ ᠢ ᠢᠮᠠᠭᠲᠠ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠠᠵᠢᠯ ᠤᠨ ᠪᠠᠶᠢᠷᠢ ᠳᠡᠭᠡᠷ᠎ᠡ ᠪᠠᠨ ᠮᠡᠷᠭᠡᠵᠢᠯᠲᠡᠨ ᠪᠣᠯᠬᠤ ᠪᠠᠷ ᠴᠢᠷᠮᠠᠶᠢᠨ᠎ᠠ ᠭᠡᠵᠡᠢ᠃      ᠲᠠᠩᠭᠠᠷᠢᠭᠯᠠᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠢᠨ᠎ᠡ ᠨᠠᠮ ᠤᠨ ᠭᠡᠰᠢᠭᠦᠳ ᠬᠤᠲᠠ ᠶᠢᠨ ᠲᠥᠯᠥᠪᠵᠢᠭᠦᠯᠭᠡ ᠶᠢᠨ ᠦᠵᠡᠭᠦᠯᠭᠡ ᠶᠢᠨ ᠣᠷᠳᠣᠨ ᠢ ᠲᠣᠭᠤᠷᠢᠨ ᠦᠵᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号