ᠮᠠᠨ ᠤ ᠬᠤᠲᠠ ᠪᠠᠶᠠᠷ ᠤᠨ ᠡᠳᠦᠷ ᠠᠴᠠ ᠡᠮᠦᠨᠡᠬᠢ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/9/29
     ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 28 ᠤ ᠡᠳᠦᠷ᠂ ᠬᠤᠲᠠ ᠶᠢᠨ ︽ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠯᠪᠠᠨ ᠬᠡᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠣᠪᠴᠢᠶ᠎ᠠ ᠵᠡᠷᠭᠡ ᠨᠢᠭᠡᠴᠡ 2020 ᠣᠨ ᠤ ᠨᠠᠢᠮᠠᠨ ᠰᠠᠷ᠎ᠠ ᠶᠢᠨ ᠠᠷᠪᠠᠨ ᠲᠠᠪᠤᠨ᠂ ᠤᠯᠤᠰ ᠤᠨ ᠪᠠᠶᠠᠷ ᠠᠴᠠ ᠡᠮᠦᠨᠡᠬᠢ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃      ᠪᠠᠶᠢᠴᠠᠭᠠᠬᠤ ᠳᠤᠭᠤᠶᠢᠯᠠᠩ ᠨᠢ ᠰᠣᠶᠣᠯ ᠤᠨ ᠡᠵᠡᠩᠨᠡᠯᠲᠡ ᠶᠢᠨ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠬᠤ ᠵᠠᠮ ᠤᠨ ᠪᠠᠶᠢᠳᠠᠯ ᠪᠠ ᠤᠯᠤᠰ ᠤᠨ ᠲᠤᠭ᠂ ᠭᠠᠵᠠᠷ ᠤᠨ ᠵᠢᠷᠤᠭ ᠪᠣᠷᠤᠯᠠᠭᠤᠯᠬᠤ ᠲᠠᠯᠠᠪᠤᠷ ᠤᠨ ᠤᠯᠤᠰ ᠤᠨ ᠲᠤᠭ᠂ ᠭᠠᠵᠠᠷ ᠤᠨ ᠵᠢᠷᠤᠭ ᠵᠢᠴᠢ ᠵᠠᠷ ᠮᠡᠳᠡᠭᠡᠨ ᠤ ᠺᠣᠮᠫᠠᠨᠢ ᠶᠢᠨ ᠮᠣᠩᠭᠤᠯ ᠬᠡᠯᠡ ᠶᠢ ᠵᠢᠷᠤᠮᠵᠢᠭᠤᠯᠤᠨ ᠬᠡᠷᠡᠭᠯᠡᠭᠰᠡᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠰᠢᠤᠳᠠᠨ ᠭᠤᠪᠢᠭᠤᠯᠭ᠎ᠠ ᠳᠤ ᠲᠤᠰᠬᠠᠶ ᠪᠠᠶᠢᠴᠠᠭᠠᠯᠲᠠ ᠥᠷᠨᠢᠭᠦᠯᠵᠦ᠂ ᠬᠠᠤᠯᠢ ᠪᠤᠰᠤ ᠬᠡᠪᠯᠡᠭᠳᠡᠬᠦᠨ ᠢ ᠰᠢᠤᠳᠠᠨ ᠤ ᠵᠠᠬ᠎ᠠ ᠳᠡᠯᠭᠡᠭᠦᠷ᠂ ᠰᠢᠤᠳᠠᠨ ᠭᠤᠪᠢᠭᠤᠯᠭ᠎ᠠ ᠪᠠᠷ ᠳᠠᠮᠵᠢᠨ ᠮᠠᠨ ᠤ ᠬᠤᠲᠠ ᠳᠤ ᠣᠷᠣᠵᠤ ᠢᠷᠡᠬᠦ ᠶᠢ ᠴᠢᠩᠭ᠎ᠠ ᠰᠡᠷᠭᠡᠶᠢᠯᠡᠪᠡ᠃      ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠠᠶ ᠳᠤ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠶᠢᠨ ᠬᠠᠮᠲᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠱᠠᠭᠠᠷᠳᠠᠵᠠᠶ᠃ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠮᠠᠨ ᠤ ᠬᠤᠲᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ᠂ ᠲᠣᠭᠲᠠᠭᠤᠨ᠂ ᠡᠮᠬᠢ ᠳᠢᠭᠯᠢᠮ ᠲᠠᠢ ᠪᠠᠶᠢᠬᠤ ᠶᠢ ᠪᠠᠲᠤᠯᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号