ᠳᠡᠭᠡᠷ᠎ᠡ ᠬᠠᠭᠠᠰ ᠵᠢᠯ ᠳᠤ ᠮᠠᠨ ᠤ ᠬᠤᠲᠠ 4700 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠵᠦ ᠵᠢᠵᠢᠭ ᠪᠢᠴᠢᠯ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠪᠡ
ᠨᠡᠶᠢᠲᠡᠯᠡᠭᠰᠡᠨ ᠴᠠᠭ᠄
2020/9/3
     ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠭᠡᠷ ᠬᠥᠷᠥᠩᠭᠡ᠂ ᠭᠠᠵᠠᠷ ᠰᠢᠷᠣᠶ ᠶᠢᠨ ᠲᠦᠷᠢᠶᠡᠰᠦᠨ ᠮᠥᠩᠭᠦᠨ ᠤ ᠳᠠᠷᠤᠯᠲᠠ ᠶᠢ ᠨᠠᠮᠳᠠᠭᠤᠯᠬᠤ ᠶᠢᠨ ᠲᠥᠯᠥᠭᠡ᠂ ᠮᠠᠨ ᠤ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠨ ᠠᠬᠢᠭᠤᠯᠪᠠ᠃ ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠳᠤ ᠨᠡᠶᠢᠲᠡ 1.2 ᠲᠦᠮᠡᠨ ᠡᠷᠦᠬᠡ ᠭᠠᠶᠢᠯᠢ ᠲᠤᠰᠢᠶᠠᠭᠴᠢ ᠵᠢᠵᠢᠭ ᠪᠢᠴᠢᠯ ᠠᠵᠤ ᠠᠬᠤᠶᠢᠯᠠᠯ ᠤᠨ ᠲᠦᠭᠡᠮᠡᠯ ᠴᠢᠨᠠᠷᠲᠠᠢ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠦ ᠶᠢᠨ ᠪᠤᠲᠤᠯᠭ᠎ᠠ ᠶᠢ ᠬᠦᠷᠲᠡᠵᠦ᠂ ᠨᠡᠶᠢᠲᠡ 4700 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠤᠪᠴᠢᠶᠠᠨ ᠤ ︽ᠲᠦᠷᠢᠶᠡᠰᠦᠯᠡᠭᠦᠯᠦᠭᠴᠢ ᠶᠢᠨ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠢᠯᠡᠳᠪᠦᠷᠢ ᠬᠤᠳᠠᠯᠳᠣᠭᠠᠨ ᠤ ᠡᠷᠦᠬᠡ ᠶᠢᠨ ᠲᠦᠷᠢᠶᠡᠰᠦᠨ ᠮᠥᠩᠭᠦ ᠶᠢᠨ ᠬᠤᠯᠪᠤᠭᠳᠠᠯ ᠪᠦᠬᠦᠢ ᠭᠡᠷ ᠬᠥᠷᠥᠩᠭᠡ ᠶᠢᠨ ᠭᠠᠶᠢᠯᠢ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠲᠤᠬᠠᠶ ᠠᠯᠪᠠᠨ ᠵᠠᠷ︾ ᠢ ᠲᠤᠤᠱᠯᠠᠭᠤᠯᠬᠤ ᠶᠢᠨ ᠲᠤᠰᠠᠳᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠲᠥᠷᠥᠯ ᠤᠨ ᠡᠵᠡᠩᠨᠡᠯᠳᠡ ᠳᠤ ᠬᠡᠷᠡᠭᠯᠡᠬᠦ ᠭᠡᠷ ᠪᠠᠶᠢᠰᠢᠩ ᠲᠦᠷᠢᠶᠡᠰᠦᠯᠡᠭᠰᠡᠨ ᠳᠤᠮᠳᠠ ᠵᠢᠵᠢᠭ ᠠᠵᠤ ᠠᠬᠤᠶᠢᠯᠠᠯ ᠳᠤ᠂ ᠱᠠᠭᠠᠷᠳᠠᠯᠭ᠎ᠠ ᠶᠣᠰᠣᠭᠠᠷ 2᠂ 3 ᠳ᠋ᠣᠭᠠᠷ ᠰᠠᠷ᠎ᠠ ᠶᠢᠨ ᠪᠦᠬᠦ ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠵᠦ᠂ 1᠂ 4 ᠳ᠋ᠣᠭᠡᠷ ᠰᠠᠷ᠎ᠠ ᠶᠢᠨ ᠲᠦᠷᠢᠶᠡᠰᠦᠨ ᠮᠥᠩᠭᠦ ᠶᠢ ᠬᠠᠭᠠᠰ ᠢᠶᠠᠷ ᠬᠠᠰᠤᠵᠤ ᠬᠤᠷᠢᠶᠠᠵᠤ᠂ ᠨᠡᠶᠢᠲᠡ 3 ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠪᠠ᠂ ᠣᠳᠣ ᠪᠣᠯᠲᠠᠯ᠎ᠠ᠂ 4 ᠡᠷᠦᠬᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠳᠤ ᠲᠦᠷᠢᠶᠡᠰᠦᠨ ᠮᠥᠩᠭᠦ ᠶᠢ ᠬᠠᠰᠤᠵᠤ ᠭᠡᠯᠳᠦᠷᠢᠭᠦᠯᠬᠦ ᠭᠠᠷ ᠬᠦᠢᠴᠡᠳᠭᠡᠯ ᠬᠢᠵᠦ᠂ ᠨᠡᠶᠢᠲᠡ 6.13 ᠲᠦᠮᠡᠨ ᠲᠥᠭᠦᠷᠢᠭ ᠤᠨ ᠲᠦᠷᠢᠶᠡᠰᠦ ᠬᠥᠩᠭᠡᠯᠡᠪᠡ︔ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠵᠢᠵᠢᠭ ᠪᠢᠴᠢᠯ ᠠᠵᠤ ᠠᠬᠤᠶᠢᠯᠠᠯ ᠤᠨ ᠲᠦᠷᠢᠶᠡᠰᠦᠨ ᠮᠥᠩᠭᠦ ᠶᠢ ᠵᠣᠬᠢᠰᠲᠠᠶ ᠬᠠᠰᠤᠵᠤ ᠬᠡᠯᠲᠦᠷᠢᠭᠦᠯᠬᠦ ᠲᠣᠮᠣ ᠬᠡᠯᠪᠡᠷᠢ ᠶᠢᠨ ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ᠂ ᠬᠤᠳᠠᠯᠳᠤᠭᠠᠨ ᠤ ᠲᠠᠯᠠᠪᠤᠷ ᠵᠡᠷᠭᠡ ᠲᠡᠭᠡᠲᠤ ᠱᠠᠲᠤᠨ ᠤ ᠪᠡᠯᠡ ᠮᠥᠩᠭᠦ ᠶᠢ ᠣᠯᠬᠤ ᠪᠠᠷ ᠳᠠᠮᠵᠢᠨ᠂ ᠨᠡᠶᠢᠲᠡ 27 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠨᠥᠬᠦᠪᠥᠷᠢ ᠥᠭᠴᠡᠢ᠃      ︽ᠠᠯᠪᠠᠨ ᠵᠠᠷ︾ ᠳᠤ ᠵᠢᠭᠠᠵᠤ ᠭᠠᠷᠭᠠᠭᠰᠠᠨ ᠨᠢ᠂ 2020 ᠣᠨ ᠤ 1 ᠳ᠋ᠣᠭᠡᠷ ᠰᠠᠷ᠎ᠠ ᠶᠢᠨ 1 ᠤ ᠡᠳᠦᠷ ᠠᠴᠠ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠦᠴᠦᠨ ᠦᠭᠡᠢ ᠪᠣᠯᠭᠠᠬᠤ ᠲᠤᠬᠠᠢ ᠶᠢᠨ ᠰᠠᠷ᠎ᠠ ᠪᠣᠯᠲᠠᠯ᠎ᠠ᠂ ᠭᠡᠷ ᠬᠥᠷᠥᠩᠭᠡ᠂ ᠭᠠᠵᠠᠷ ᠰᠢᠷᠣᠶ ᠲᠦᠷᠢᠶᠡᠰᠦᠯᠡᠭᠦᠯᠦᠭᠴᠢ ᠨᠢ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ ᠪᠠᠶᠢᠪᠠᠯ᠂ ᠲᠦᠷᠢᠶᠡᠰᠦᠨ ᠮᠥᠩᠭᠦ ᠬᠠᠰᠤᠵᠤ ᠬᠡᠯᠲᠦᠷᠢᠭᠦᠯᠦᠭᠰᠡᠨ ᠬᠡᠰᠡᠭ ᠤᠨ ᠬᠠᠷᠠᠭᠠᠯᠵᠠᠭᠰᠠᠨ ᠭᠡᠷ ᠬᠥᠷᠥᠩᠭᠡ᠂ ᠭᠠᠵᠠᠷ ᠰᠢᠷᠣᠶ ᠳᠤ ᠲᠦᠷᠢᠶᠡᠰᠦᠨ ᠮᠥᠩᠭᠦ ᠬᠠᠰᠤᠵᠤ ᠬᠡᠯᠲᠦᠷᠢᠭᠦᠯᠦᠭᠰᠡᠨ ᠰᠠᠷ᠎ᠠ ᠶᠢᠨ ᠲᠤᠭ᠎ᠠ ᠪᠣᠯᠤᠨ ᠬᠠᠰᠤᠵᠤ ᠬᠡᠯᠲᠦᠷᠢᠭᠦᠯᠦᠭᠰᠡᠨ ᠬᠠᠷᠢᠴᠠᠯ ᠶᠣᠰᠣᠭᠠᠷ ᠵᠣᠬᠢᠴᠠᠩᠭᠤᠶ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠵᠦ ᠪᠣᠯᠤᠨ᠎ᠠ ᠬᠡᠵᠡᠢ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠢ ᠲᠡᠳᠬᠦᠬᠦ ᠪᠠᠨ ᠴᠢᠩᠭᠠᠳᠬᠠᠵᠤ᠂ ᠮᠠᠨ ᠤ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号