ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠢᠴᠢ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠤᠬᠠᠶ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/30
           9 ᠰᠠᠷ᠎ᠠ ᠶᠢᠨ 29 ᠤ ᠡᠳᠦᠷ᠂ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠢᠴᠢ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠤᠳᠠ ᠲᠣᠭᠤᠷᠢᠭ ᠲᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠰᠣ᠋ ᠵᠥᠩ ᠱᠧᠩ᠂ ᠹᠧᠩ ᠰᠢᠤᠸᠠᠢ ᠲᠤᠤ᠂ ᠸᠠᠩ ᠵᠣᠣ ᠱᠧᠩ᠂ ᠬᠤ᠋ ᠱᠠᠨ ᠱᠦᠨ᠂ ᠦ᠋ ᠰᠢᠶᠤᠤ ᠾᠦᠢ᠂ ᠯᠢᠦ ᠰᠣ᠋ ᠬᠤᠩ᠂ ᠸᠠᠩ ᠮᠢᠩ ᠸᠠᠩ ᠬᠤᠷᠠᠯ ᠳᠤ ᠣᠷᠣᠯᠴᠠᠵᠠᠶ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠤᠳᠤᠯᠭ᠎ᠠ ᠶᠢ ᠬᠡᠷᠡᠭᠵᠢᠭᠦᠯᠬᠦ ᠪᠠ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠰᠢᠨ᠎ᠡ ᠰᠡᠳᠬᠢᠴᠡ᠂ ᠰᠢᠨ᠎ᠡ ᠬᠦᠳᠦᠯᠦᠨ ᠲᠠᠭᠠᠭᠤᠯᠤᠭᠴᠢ᠂ ᠰᠢᠨ᠎ᠡ ᠲᠦᠷᠦᠯ ᠵᠦᠢᠯ᠂ ᠰᠢᠨ᠎ᠡ ᠬᠤᠪᠢᠷᠠᠯᠲᠠ᠂ ᠰᠢᠨ᠎ᠡ ᠦᠷ᠎ᠡ ᠪᠦᠲᠦᠮᠵᠢ ᠨᠢ ᠡᠷᠴᠢ ᠵᠣᠷᠢᠭ ᠢ ᠬᠥᠪᠴᠢᠯᠡᠨ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠪᠠ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢᠨ ᠰᠢᠢᠳᠪᠦᠷᠢᠲᠦ ᠢᠯᠠᠯᠲᠠ ᠣᠯᠬᠤ ᠵᠢᠯ ᠪᠣᠯᠬᠤ ᠪᠥᠭᠡᠳ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠡᠭᠦᠰ ᠠᠮᠵᠢᠯᠳᠠ ᠣᠯᠬᠤ ᠵᠢᠯ ᠪᠣᠯᠤᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠠᠰᠤ ᠴᠢᠨᠠᠷ ᠲᠤ ᠬᠤᠯᠪᠣᠭᠳᠠᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠳᠡᠢ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠬᠠᠷᠠᠯᠲᠠ ᠶᠢᠨ ᠲᠣᠭᠤᠷᠢᠨ ᠳᠤ᠂ ︽ᠳᠥᠷᠪᠡ ᠶᠢ ᠰᠠᠯᠭᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠪᠠ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠶᠢ ᠰᠠᠶᠢᠲᠤᠷ ᠠᠳᠬᠤᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠳᠡᠢ᠃ ᠠᠵᠤ ᠦᠢᠯᠡᠰ ᠤᠨ ᠬᠥᠭᠵᠢᠯᠲᠡ᠂ ᠲᠠᠷᠢᠶᠠᠯᠠᠬᠤ ᠣᠷᠣᠨ ᠤ ᠴᠢᠳᠠᠪᠤᠷᠢᠲᠠᠨ᠂ ᠶᠡᠷᠦᠩᠬᠡᠶᠢᠯᠡᠨ ᠵᠠᠰᠠᠬᠤ ᠵᠡᠷᠭᠡ ᠳᠤᠲᠠᠭᠤᠳᠠᠯ ᠢᠶᠠᠨ ᠲᠦᠷᠭᠡᠳᠬᠡᠨ ᠨᠥᠬᠦᠪᠥᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠬᠦ ᠬᠡᠷᠡᠭᠳᠡᠢ᠃ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠢ ᠠᠬᠤᠢ ᠶᠢᠨ ᠵᠠᠰᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠠᠶᠢᠩᠭᠤ ᠪᠥᠭᠡᠳ ᠤᠷᠲᠤ ᠬᠤᠭᠤᠴᠠᠭ᠎ᠠ ᠪᠠᠷ ᠪᠦᠲᠦᠮᠵᠢᠲᠡᠶ ᠴᠡᠭᠴᠡᠯᠡᠨ ᠵᠠᠰᠠᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠠᠪᠤᠨ ᠱᠠᠲᠤᠨ ᠤ ᠱᠦᠵᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠳᠬᠤᠬᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠯ᠎ᠡ ᠲᠠᠯ᠎ᠠ ᠶᠢᠨ ᠠᠵᠢᠯ ᠤᠨ ᠬᠠᠮᠲᠤᠷᠠᠯ ᠬᠦᠴᠦᠨ ᠢ ᠪᠦᠲᠦᠮᠵᠢᠲᠡᠢ ᠨᠢᠭᠲᠠᠷᠠᠭᠤᠯᠬᠤ ᠬᠡᠷᠡᠭᠳᠡᠢ ᠬᠡᠵᠡᠢ᠃      ᠱᠢ ᠸᠠᠨ ᠵᠢᠶᠦ᠋ᠨ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠦᠨᠡᠨ ᠠᠴᠠ ᠵᠥᠪ ᠢ ᠡᠷᠢᠬᠦ᠂ ᠰᠢᠨᠵᠢᠯᠡᠬᠦ ᠣᠬᠠᠭᠠᠨᠴᠢ ᠪᠠᠷ ᠠᠷᠭ᠎ᠠ ᠰᠦᠪᠡᠭᠴᠢᠯᠡᠬᠦ᠂ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠬᠦ᠂ ᠳᠦᠷᠢᠮ ᠲᠣᠭᠲᠠᠭᠠᠯ ᠲᠤᠭᠳᠠᠭᠠᠬᠤ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ᠂ ᠨᠠᠶᠢᠳᠠᠪᠤᠷᠢᠵᠢᠭᠤᠯᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠦ᠂ ᠲᠥᠯᠥᠪᠵᠢᠭᠦᠯᠭᠡ ᠶᠢ ᠠᠳᠬᠤᠬᠤ᠂ ᠪᠠᠶᠢᠷᠢ ᠲᠤᠭᠳᠠᠭᠠᠯᠳᠠ ᠶᠢ ᠠᠳᠬᠤᠬᠤ᠂ ᠬᠥᠲᠥᠯᠥᠨ ᠵᠢᠯᠣᠭᠤᠳᠬᠤ᠂ ᠦᠢᠯᠡᠴᠢᠯᠡᠭᠡ ᠶᠢ ᠠᠳᠬᠤᠬᠤ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠡᠢ ᠬᠡᠵᠡᠢ᠃      ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠠᠰᠠ ᠤᠳᠠ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠬᠦᠷᠢᠶᠠᠯᠠᠩ᠂ ᠰᠧᠨ ᠲᠠᠢ ᠲᠠᠷᠢᠶᠠᠯᠠᠩ ᠤᠨ ᠺᠣᠮᠫᠠᠨᠢ᠂ ᠣᠯᠠᠭᠠᠨᠨᠠᠭᠤᠷ ᠪᠠᠯᠭᠠᠰᠤᠨ ᠤ ᠽᠧ ᠶᠤᠸᠠᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠰᠢᠨᠵᠢᠯᠡᠨ ᠪᠠᠶᠢᠴᠠᠭᠠᠵᠤ᠂ ᠯᠦᠢ ᠨᠦᠩ ᠶᠦᠩ ᠱᠧᠩ ᠬᠤᠷᠰᠢᠶᠠᠵᠢᠯ ᠤᠨ ᠬᠠᠮᠲᠤᠷᠠᠭᠰᠠᠨ ᠬᠦᠯᠡᠮᠵᠢ ᠶᠢᠨ ᠲᠥᠷᠥᠯ ᠵᠦᠢᠯ ᠳᠤ ᠬᠦᠷᠴᠦ᠂ ᠬᠤᠷᠰᠢᠶ᠎ᠠ ᠪᠣᠯᠤᠨ ᠲᠠᠷᠢᠶᠠᠯᠠᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠣᠶᠤᠨᠴᠢ ᠲᠠᠷᠢᠶᠠᠯᠠᠩ ᠪᠣᠯᠤᠨ ᠬᠠᠮᠲᠤ ᠶᠢᠨ ᠠᠵᠤ ᠠᠬᠤᠶ ᠶᠢᠨ ᠬᠥᠭᠵᠢᠯᠲᠡ ᠵᠢᠴᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ᠂ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠨ ᠦᠢᠯᠡᠳᠪᠦᠷᠢᠯᠡᠯ ᠠᠮᠢᠳᠤᠷᠠᠯ ᠵᠢᠴᠢ ᠡᠷᠦᠬᠡ ᠶᠢᠨ ᠵᠣᠷᠯᠣᠩ ᠢ ᠥᠭᠡᠷᠡᠴᠢᠯᠡᠨ ᠬᠡᠷᠡᠭᠯᠡᠵᠦ ᠪᠠᠶᠢᠭ᠎ᠠ ᠵᠡᠷᠭᠡ ᠪᠠᠶᠢᠳᠠᠯ ᠢ ᠠᠰᠠᠭᠤᠨ ᠯᠠᠪᠯᠠᠪᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号