ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ︶ 2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠡᠬᠢᠯᠡᠬᠦ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/9/8

     9 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ

ᠵᠠᠬᠢᠷᠭᠠᠨ ᠤ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ︶ 2020 ᠣᠨ ᠤ ᠨᠠᠮᠤᠷ ᠤᠨ

ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠡᠬᠢᠯᠡᠬᠦ ᠶᠣᠰᠣᠯᠠᠯ ᠶᠠᠪᠤᠭᠳᠠᠪᠠ᠃    

     ᠲᠣᠰ ᠤᠳᠠᠭᠠᠨ ᠤ ᠰᠤᠷᠭᠠᠭᠤᠯᠢ ᠡᠬᠢᠯᠡᠬᠦ ᠶᠣᠰᠣᠯᠠᠯ ᠨᠢ ᠪᠥᠬᠦ ᠬᠤᠲᠠ ᠶᠢᠨ ᠰᠢᠨ᠎ᠡ ᠪᠠᠷ ᠲᠤᠰᠢᠶᠠᠯ

ᠡᠭᠦᠷᠭᠡᠯᠡᠭᠰᠡᠨ ᠰᠢᠶᠠᠨ ᠭᠠᠵᠠᠷ ᠤᠨ ᠲᠠᠰ ᠤᠨ ᠺᠠᠳ᠋ᠷ ᠤᠨ ᠪᠣᠯᠪᠠᠰᠤᠷᠠᠯ ᠤᠨ ᠠᠩᠭᠢ᠂ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠠᠵᠤ ᠠᠬᠤᠶ ᠶᠢᠨ

ᠪᠥᠲᠥᠭᠡᠨ ᠪᠠᠶᠢᠭᠤᠯᠤᠯᠲᠠ ᠪᠠ ᠨᠡᠶᠢᠭᠡᠮ ᠤᠨ ᠪᠠᠶᠢᠭᠤᠯᠤᠯᠲᠠ ᠶᠢᠨ ᠬᠤᠶᠠᠷ ᠲᠤᠰᠬᠠᠶ ᠰᠡᠳᠦᠪᠲᠦ ᠠᠩᠭᠢ ᠵᠢᠴᠢ ︽

ᠨᠠᠮ ᠤᠨ ᠡᠭᠦᠷ ᠤᠨ ᠮᠢᠩᠭᠠᠨ ᠱᠦᠵᠢ ᠨᠠᠮ ᠤᠨ ᠰᠤᠷᠭᠠᠭᠤᠯᠢ ᠳᠤ ᠣᠷᠣᠬᠤ︾ ᠴᠢᠳᠠᠪᠤᠷᠢ ᠶᠢ ᠳᠡᠭᠡᠭᠰᠢᠯᠡᠭᠦᠯᠬᠦ ᠵᠢᠴᠢ

ᠤᠯᠤᠰ ᠤᠨ ᠦᠮᠴᠢᠯᠡᠯ ᠤᠨ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ

ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠶᠠᠪᠤᠳᠠᠯ ᠤᠨ ᠺᠠᠳ᠋ᠷ ᠤᠨ ᠪᠣᠯᠪᠠᠰᠤᠷᠠᠯ ᠤᠨ ᠠᠩᠭᠢ ᠶᠢᠨ

ᠰᠤᠷᠤᠯᠭ᠎ᠠ ᠡᠬᠢᠯᠡᠬᠦ ᠶᠣᠰᠣᠯᠠᠯ ᠢ ᠶᠠᠪᠤᠭᠳᠠᠭᠤᠯᠵᠠᠶ᠃

     ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠰᠢᠨ᠎ᠡ ᠪᠠᠶᠢᠳᠠᠯ ᠤᠨ ᠳᠣᠤᠷᠠᠬᠢ ᠺᠠᠳ᠋ᠷ ᠤᠨ ᠬᠥᠮᠦᠵᠢᠯ

ᠪᠣᠯᠪᠠᠰᠤᠷᠠᠭᠤᠯᠤᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠥᠮᠦᠵᠢᠯ ᠪᠣᠯᠪᠠᠰᠤᠷᠠᠭᠤᠯᠤᠯ ᠤᠨ ᠡᠭᠦᠷᠭᠡᠲᠦ

ᠰᠡᠳᠬᠢᠯᠭᠡ ᠪᠠ ᠤᠬᠠᠮᠰᠠᠷᠲᠤ ᠴᠢᠨᠠᠷ ᠢ ᠴᠢᠩᠭᠠᠳᠬᠠᠬᠤ ᠬᠡᠷᠡᠭᠲᠡᠶ︔ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ

ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠦᠨᠡᠨ ᠬᠦ ᠣᠯᠠᠨ ᠠᠴᠠ ᠬᠡᠳᠦᠶᠢᠳᠦᠭᠰᠡᠨ ᠬᠡᠪ

ᠴᠢᠨᠠᠷ ᠪᠠ ᠴᠢᠳᠠᠪᠤᠷᠢ ᠶᠢ ᠰᠤᠷᠤᠯᠴᠠᠭᠰᠠᠨ ᠪᠠᠶᠢᠬᠤ ᠬᠡᠷᠡᠭᠲᠡᠶ︔ ᠨᠠᠮ ᠤᠨ ᠰᠤᠷᠭᠠᠭᠤᠯᠢ ᠨᠠᠮ ᠤᠨ ᠬᠢ ᠪᠣᠯᠬᠤ

ᠵᠠᠷᠴᠢᠮ ᠢ ᠪᠠᠷᠢᠮᠲᠠᠯᠠᠵᠤ᠂ ᠨᠠᠮ ᠤᠨ ᠰᠤᠷᠭᠠᠭᠤᠯᠢ ᠶᠢᠨ ᠵᠢᠭᠠᠨ ᠰᠣᠷᠭᠠᠬᠤ ᠶᠠᠰᠤ ᠴᠢᠨᠠᠷ ᠪᠠ ᠰᠤᠷᠭᠠᠭᠤᠯᠢ ᠡᠷᠬᠢᠯᠡᠬᠦ

ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ︔ ᠪᠦᠬᠦ ᠰᠡᠳᠬᠢᠯ ᠪᠦᠬᠦ ᠵᠣᠷᠢᠭ ᠢᠶᠠᠷ ᠢᠶᠠᠨ

ᠰᠤᠷᠤᠯᠴᠠᠯᠭ᠎ᠠ ᠪᠣᠯᠪᠠᠰᠤᠷᠠᠭᠤᠯᠤᠯ ᠳᠤ ᠣᠷᠣᠯᠴᠠᠵᠤ᠂ ᠰᠠᠶᠢᠨ ᠰᠠᠶᠢᠬᠠᠨ ᠰᠤᠷᠤᠯᠴᠠᠬᠤ ᠰᠤᠷᠲᠠᠯ ᠢ ᠬᠥᠮᠦᠵᠢᠭᠦᠯᠬᠦ ᠪᠠ

ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠢ᠃

      ᠰᠤᠷᠭᠠᠭᠤᠯᠢ ᠡᠬᠢᠯᠡᠬᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ

ᠦᠵᠡᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠹᠦ᠋ ᠰᠦᠸᠧ ᠭᠧᠨ ︽ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠠᠮᠤᠭ ᠤᠨ ᠰᠢᠨ᠎ᠡ

ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠰᠢᠰᠲ᠋ᠧᠮ ᠲᠠᠢ ᠲᠤᠰᠬᠠᠭᠰᠠᠨ ᠡᠷᠬᠡ ᠰᠦᠷᠲᠦ ᠵᠣᠬᠢᠶᠠᠯ

— ︿ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ﹀ ᠭᠡᠬᠦ ᠭᠤᠷᠪᠠᠳᠤᠭᠠᠷ ᠪᠤᠳᠢ

︾ ᠶᠢ ᠭᠦᠨᠵᠡᠭᠡᠢ ᠰᠤᠷᠤᠯᠴᠠᠬᠤ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃

     

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号