ᠰᠢᠨ᠎ᠡ ᠵᠢᠯ ᠤᠨ ᠪᠠᠶᠠᠷ ᠤᠨ ᠦᠭᠡ
ᠨᠡᠶᠢᠲᠡᠯᠡᠭᠰᠡᠨ ᠴᠠᠭ᠄
2021/1/1

     

     ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠱᠢ

ᠸᠠᠨ ᠵᠢᠶᠦ᠋ᠨ

     ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶᠠᠨ ᠤ ᠳᠡᠳ᠋ ᠱᠦᠵᠢ᠂ ᠬᠤᠲᠠ

 ᠶᠢᠨ ᠳᠠᠷᠤᠭ᠎ᠠ ᠲᠠᠩ ᠢ  

     ᠬᠠᠪᠤᠷ ᠢᠷᠡᠭᠦᠶ᠎ᠡ ᠲᠦᠮᠡᠨ ᠪᠣᠳᠠᠰ ᠠᠮᠢᠯᠠᠨᠠᠮ᠃ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ

ᠤᠭᠲᠤᠬᠤ ᠡᠨᠡᠬᠦ ᠰᠠᠶᠢᠬᠠᠨ ᠴᠠᠭ ᠮᠥᠴᠡ ᠳᠤ᠂ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ

ᠬᠤᠳᠠ ᠶᠢᠨ ᠬᠤᠷᠢᠶ᠎ᠠ᠂ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ

 ᠶᠢᠨ ᠥᠷᠭᠡᠨ ᠤᠯᠠᠨ ᠺᠠᠳ᠋ᠷ᠂ ᠠᠵᠢᠯᠴᠢᠨ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ᠂ ᠰᠡᠬᠡᠭᠡᠲᠡᠨ᠂ ᠰᠠᠭᠤᠭ᠎ᠠ

ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ

 ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠯᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ

ᠪᠠᠭᠤᠵᠤ ᠠᠮᠠᠷᠠᠭᠰᠠᠨ ᠠᠬᠠᠮᠠᠳ ᠨᠥᠬᠦᠳ᠂ ᠦᠬᠠᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠦᠨᠳᠦᠰᠦᠲᠡᠨ

 ᠨᠦᠭᠦᠳ ᠤᠨ ᠡᠯ᠎ᠡ ᠡᠲᠡᠭᠡᠳ ᠤᠨ ᠬᠥᠮᠦᠰ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ

ᠵᠥᠩᠨᠡᠯ ᠳᠡᠪᠰᠢᠭᠦᠯᠵᠦ ᠪᠠᠶᠢᠨ᠎ᠠ︕

     ᠰᠠᠶ᠋ᠢᠬᠠᠨ ᠥᠩᠭᠡᠷᠡᠭᠰᠡᠨ 2020 ᠣᠨ ᠪᠣᠯ ᠮᠠᠨ ᠤ ᠬᠤᠲᠠ ᠶᠢᠨ ᠬᠥᠭᠵᠢᠯᠲᠡ ᠶᠢᠨ ᠶᠠᠪᠤᠴᠠ ᠳᠠᠬᠢ

ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠳᠡᠯᠡᠬᠡᠶ ᠶᠢᠨ

ᠪᠠᠶᠢᠳᠠᠯ᠂ ᠬᠠᠲᠠᠭᠤ ᠪᠡᠷᠭᠡᠰᠢᠶᠡᠯᠳᠡᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠬᠤᠲᠠ

 ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ

ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ

ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠵᠤ᠂ ᠨᠠᠮ ᠤᠨ ᠲᠥᠪ

ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ

 ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾

ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ

ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠲᠠᠢ ᠲᠡᠮᠡᠴᠡᠬᠦ᠂ ᠬᠥᠭᠵᠢᠯᠲᠡ ᠶᠢ ᠠᠬᠢᠭᠤᠯᠬᠤ᠂ ᠥᠭᠡᠷᠡᠴᠢᠯᠡᠯᠲᠡ ᠶᠢ

ᠠᠳᠬᠤᠬᠤ᠂ ᠲᠣᠭᠲᠠᠭᠤᠨ ᠢ ᠪᠠᠲᠤᠯᠠᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠡᠯ᠎ᠡ ᠵᠦᠶᠯ ᠤᠨ ᠠᠵᠢᠯ

ᠦᠶᠯᠡᠰ ᠤᠨ ᠰᠢᠨ᠎ᠡ ᠠᠮᠵᠢᠯᠲᠠ ᠤᠯᠬᠤ ᠶᠢ ᠠᠬᠢᠭᠤᠯᠪᠠ᠃ ᠢᠯᠠᠩᠭᠤᠶ᠎ᠠ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ

ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ

ᠵᠠᠰᠠᠭ ᠤᠨ ᠣᠷᠳᠣᠨ ᠨᠢᠭᠡᠳᠦᠯᠲᠡᠶ ᠲᠥᠯᠥᠪᠵᠢᠭᠦᠯᠦᠨ ᠵᠢᠯᠣᠭᠤᠳᠴᠤ᠂ ᠲᠦᠷᠭᠡᠨ ᠰᠢᠶᠳᠪᠦᠷᠢᠯᠡᠵᠦ᠂ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠡᠶᠢᠨ᠂ ᠶᠡᠷᠦᠩᠬᠡᠶ ᠳᠠᠶᠢᠯᠠᠯᠳᠤᠭᠠᠨ᠂ ᠬᠤᠷᠢᠭᠯᠠᠯᠲᠠ ᠶᠢᠨ

ᠳᠠᠶᠢᠯᠠᠯᠳᠤᠭᠠᠨ ᠢ ᠦᠳᠲᠡᠷ ᠲᠦᠷᠭᠡᠨ ᠬᠢᠪᠠ︔ ᠥᠷᠭᠡᠨ ᠣᠯᠠᠨ ᠡᠮᠨᠡᠯᠭᠡ ᠶᠢᠨ ᠠᠵᠢᠯᠲᠠᠨ ᠡᠮᠦᠨ᠎ᠡ ᠨᠢ

ᠭᠠᠪᠰᠢᠭᠠᠶᠢᠯᠠᠵᠤ᠂ ᠬᠠᠷᠠᠮ ᠥᠬᠡᠶ ᠵᠣᠷᠢᠭᠤᠯᠵᠤ᠂ ᠬᠠᠯᠠᠭᠤᠨ ᠠᠮᠢ ᠪᠦᠯᠢᠶᠡᠨ ᠴᠢᠰᠤ ᠪᠠᠷ ᠢᠶᠠᠨ ᠸᠢᠷᠦ᠋ᠰ ᠢ

ᠬᠤᠷᠢᠭᠯᠠᠨ ᠠᠷᠢᠯᠭᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ︔ ᠡᠯ᠎ᠡ ᠱᠠᠲᠤᠨ ᠤ ᠨᠠᠮ ᠤᠨ

ᠭᠡᠰᠢᠭᠦᠨ ᠺᠠᠳ᠋ᠷ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠲᠦᠷᠦᠭᠦᠯᠡᠨ ᠵᠢᠱᠢᠶ᠎ᠡ ᠦᠵᠡᠭᠦᠯᠵᠦ᠂ ᠬᠢᠵᠢᠭ ᠲᠠᠢ

ᠲᠡᠮᠡᠴᠡᠬᠦ ᠡᠮᠦᠨ᠎ᠡ ᠹᠷᠣᠨᠲ ᠢ ᠪᠠᠲᠤ ᠰᠠᠬᠢᠪᠠ︔ ᠥᠷᠭᠡᠨ ᠣᠯᠠᠨ ᠲᠦᠮᠡᠨ ᠰᠠᠬᠢᠨ ᠪᠡᠷᠡᠯᠡᠵᠦ ᠬᠠᠷᠢᠯᠴᠠᠨ

ᠬᠠᠪᠰᠤᠷᠤᠯᠴᠠᠵᠤ᠂ ᠮᠥᠷᠥ ᠵᠡᠷᠭᠡᠴᠡᠨ ︽ᠬᠢᠵᠢᠭ︾ ᠲᠠᠢ ᠲᠡᠮᠡᠴᠡᠵᠦ᠂ ᠣᠯᠠᠨ ᠢᠶᠠᠷ ᠢᠶᠠᠨ ᠰᠡᠳᠬᠢᠯ ᠨᠢᠭᠡᠳᠦᠨ

ᠲᠡᠮᠦᠷ ᠬᠡᠷᠡᠮ ᠮᠡᠲᠤ ᠪᠠᠲᠤ ᠬᠦᠴᠦᠨ ᠢ ᠨᠢᠭᠲᠠᠷᠠᠭᠤᠯᠪᠠ︔ ᠨᠡᠶᠢᠭᠡᠮ ᠤᠨ ᠡᠯ᠎ᠡ ᠡᠲᠡᠭᠡᠳ ᠤᠨ ᠬᠢᠨ ᠰᠡᠳᠬᠢᠯ

ᠨᠢᠭᠡᠳᠦᠨ ᠬᠦᠴᠦ ᠪᠠᠨ ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠡᠯ᠎ᠡ ᠵᠦᠢᠯ ᠤᠨ ᠠᠷᠭ᠎ᠠ

ᠬᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠰᠡᠳᠬᠢᠯ ᠲᠠᠯᠪᠢᠨ ᠬᠦᠴᠦ ᠪᠠᠨ ᠡᠷᠭᠦᠪᠡ᠃ ᠡᠯ᠎ᠡ

ᠱᠠᠲᠤ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠪᠢᠳᠡ ᠬᠤᠪᠸᠢ ᠶᠢ ᠲᠤᠰᠠᠯᠠᠬᠤ ᠡᠭᠦᠷᠭᠡ ᠪᠠᠨ

ᠲᠡᠭᠦᠰ ᠠᠮᠵᠢᠯᠲᠠ ᠲᠠᠢ ᠪᠡᠶᠡᠯᠡᠭᠦᠯᠵᠦ᠂ ᠮᠠᠨ ᠤ ᠬᠤᠲᠠ ᠪᠥᠬᠦ ᠣᠷᠣᠨ ᠤ ᠣᠨᠣᠰᠢᠯᠠᠭᠰᠠᠨ ︵ᠰᠡᠵᠢᠭᠯᠡᠯᠲᠡᠶ︶

ᠡᠪᠡᠳᠴᠢᠨ ᠤ ᠵᠢᠱᠢᠶ᠎ᠡ ᠥᠬᠡᠶ ᠪᠣᠯᠤᠭᠰᠠᠨ ᠠᠩᠬᠠᠳᠠᠭᠴᠢ ᠠᠶᠢᠮᠠᠭ ᠬᠤᠲᠠ᠂ ᠪᠥᠬᠦ ᠣᠷᠣᠨ ᠤ ︽ᠬᠤᠶᠠᠷ ᠬᠤᠷᠠᠯ︾

 ᠢ ᠬᠤᠷᠠᠯᠳᠤᠭᠤᠯᠤᠭᠰᠠᠨ ᠠᠩᠬᠠᠳᠠᠭᠴᠢ ᠠᠶᠢᠮᠠᠭ ᠬᠤᠲᠠ ᠪᠣᠯᠪᠠ᠃

     ᠪᠢᠳᠡ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠣᠨ ᠤ ᠵᠠᠰᠠᠭ

 ᠤᠨ ᠣᠷᠳᠣᠨ ᠤ ᠲᠠᠯᠳᠠ ᠴᠢᠨᠠᠷᠲᠠᠢ ᠥᠷᠢ ᠥᠭᠴᠡᠭᠡ ᠶᠢ ᠰᠢᠢᠳᠪᠦᠷᠢᠯᠡᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂

ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠪᠡ᠃ ᠶᠠᠳᠠᠭᠤ ᠠᠴᠠ

ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠮᠠᠨ ᠤ ᠬᠤᠲᠠ

ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠮᠡᠳᠡᠭᠡ ᠵᠠᠩᠭᠢ ᠶᠢᠨ ᠲᠥᠪ ᠠᠴᠠ

ᠰᠣᠩᠭᠤᠨ ᠵᠠᠳᠠᠯᠤᠭᠰᠠᠨ ᠲᠠᠩᠰᠠᠯᠠᠵᠤ ᠺᠠᠷᠲᠯᠠᠭᠰᠠᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠵᠢᠭᠰᠠᠭᠠᠯᠲᠠ ᠳᠤ

ᠪᠥᠬᠦ ᠤᠯᠤᠰ ᠲᠤ ᠲᠡᠷᠢᠭᠦᠯᠡᠪᠡ᠃ ᠠᠭᠠᠷ ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ

ᠯᠠᠪᠳᠠᠭᠤᠨ ᠪᠠᠲᠤᠲᠠᠢ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢ 3  ᠪᠠᠶᠢᠭᠤᠯᠵᠤ᠂ ᠭᠤᠣᠯ ᠬᠤᠲᠠ ᠶᠢᠨ

ᠲᠣᠭᠤᠷᠢᠭ ᠤᠨ ᠠᠭᠤᠷ ᠠᠮᠢᠰᠬᠤᠯ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 300 ᠡᠳᠦᠷ

 ᠠᠴᠠ ᠳᠡᠭᠡᠭᠰᠢ ᠬᠦᠷᠭᠡᠪᠡ︔ ᠬᠤᠲᠠ ᠶᠢᠨ ᠲᠣᠭᠤᠷᠢᠭ ᠤᠨ ᠵᠠᠮ᠂ ᠨᠣᠭᠤᠭᠠᠨ ᠭᠠᠵᠠᠷ ᠤᠨ ᠭᠤᠣᠯ ᠪᠤᠯᠬᠤ

ᠦᠵᠡᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 4100 ᠭᠠᠷᠤᠢ ᠮᠦ ᠮᠣᠳᠣ ᠲᠠᠷᠢᠵᠤ

ᠣᠶᠢᠵᠢᠭᠤᠯᠤᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠪᠡ᠃

     ᠪᠢᠳᠡ ᠠᠮᠢ ᠠᠬᠤᠶ ᠶᠢ ᠤᠷᠢᠳ ᠢᠶᠠᠷ ᠪᠤᠲᠤᠯᠭᠢᠯᠠᠭᠰᠠᠨ᠂ ᠪᠣᠬᠢᠷᠲᠤᠯ ᠥᠬᠡᠶ ᠬᠦᠭᠵᠢᠯᠳᠡ ᠪᠠᠷ

ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ

᠂ 500 ᠲᠦᠮᠡᠨ ᠲᠣᠨ ᠤ ᠬᠡᠦᠷᠰᠢᠭᠦᠯᠤᠯᠳᠠ ᠶᠢᠨ ᠬᠤᠯᠪᠣᠭᠠᠯᠠᠨ ᠦᠶᠯᠡᠳᠪᠦᠷᠢᠯᠡᠬᠦ ᠲᠥᠷᠥᠯ ᠵᠦᠶᠯ ᠤᠨ ᠪᠥᠲᠥᠭᠡᠨ

ᠪᠠᠶᠢᠭᠤᠯᠤᠯᠲᠠ ᠶᠢ ᠡᠬᠢᠯᠡᠭᠦᠯᠵᠦ᠂ ᠪᠥᠬᠦ ᠤᠯᠤᠰ ᠤᠨ ᠠᠩᠬᠠᠳᠠᠭᠴᠢ ᠴᠡᠷᠢᠭ ᠤᠨ ᠬᠡᠷᠡᠭᠯᠡᠬᠡᠨ ᠠᠴᠠ ᠠᠷᠠᠳ ᠤᠨ

ᠬᠡᠷᠡᠭᠯᠡᠭᠡᠨ ᠳᠤ ᠰᠢᠯᠵᠢᠬᠦᠯᠦᠭᠰᠡᠨ ᠰᠢᠩᠭᠡᠨ ᠤᠰᠤᠲᠥ᠋ᠷᠥᠭᠴᠢ ᠶᠢᠨ ᠦᠶᠯᠡᠳᠪᠦᠷᠢ᠂ ᠥᠪᠡᠷᠲᠡᠭᠡᠨ ᠵᠠᠰᠠᠬᠤ ᠣᠷᠣᠨ ᠤ

ᠠᠩᠬᠠᠳᠠᠭᠴᠢ ᠰᠢᠯᠵᠢᠭᠡ ᠤᠰᠤᠲᠥ᠋ᠷᠥᠭᠴᠢ ᠨᠡᠮᠡᠬᠦ ᠥᠷᠲᠡᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂

ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠬᠠᠮᠤᠭ ᠤᠨ ᠶᠡᠭᠡ ᠶᠡᠷᠦᠩᠬᠡᠶᠢᠯᠡᠭᠰᠡᠨ ᠪᠠᠷᠠᠭᠠᠨ ᠤ ᠭᠦᠶᠯᠭᠡᠭᠡᠨ

 ᠤ ᠬᠦᠷᠢᠶᠡᠯᠡᠩ ᠪᠤᠯᠬᠤ ᠦᠬᠠᠶ ᠶᠢᠨ ᠬᠤᠶᠢᠲᠤ ᠳᠠᠬᠢ ᠲᠡᠮᠦᠷ ᠵᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠶᠯᠭᠡᠭᠡᠨ ᠤ

ᠬᠦᠷᠢᠶᠡᠯᠡᠩ ᠡᠵᠡᠩᠨᠡᠯᠲᠡ ᠳᠤ ᠣᠷᠣᠵᠤ᠂ ᠶᠠᠩ ᠭᠤᠸᠠᠩ ᠲᠢᠶᠠᠨ ᠢᠦᠢ ᠦᠵᠦᠮ ᠤᠨ ᠤᠨᠴᠠᠯᠢᠬᠳᠤ ᠵᠢᠵᠢᠭ

ᠪᠠᠯᠭᠠᠰᠤ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠤᠨᠴᠠᠯᠢᠬᠳᠤ ᠵᠢᠵᠢᠭ ᠪᠠᠯᠭᠠᠰᠤ ᠶᠢᠨ ᠴᠢᠨᠠᠷ

ᠰᠠᠶᠢᠲᠠᠶ ᠬᠥᠭᠵᠢᠯᠲᠡ ᠶᠢ ᠪᠣᠶᠢᠵᠢᠭᠤᠯᠬᠤ ᠨᠡᠷᠡᠰ ᠲᠤ ᠰᠣᠩᠭᠤᠭᠳᠠᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ

ᠠᠰᠢᠭ ᠲᠣᠭᠲᠠᠭᠤᠨ ᠢᠶᠠᠷ ᠳᠡᠭᠡᠭᠰᠢᠯᠡᠪᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠬᠤᠯᠠᠴᠢᠯᠠᠵᠤ᠂

ᠥᠭᠡᠷᠡᠴᠢᠯᠡᠯᠲᠡ ᠶᠢ ᠠᠬᠢᠭᠤᠯᠵᠤ᠂ ᠣᠨᠳᠣᠣ ᠭᠠᠵᠠᠷ ᠨᠡᠪᠴᠢᠭᠦᠯᠬᠦ ᠲᠥᠪ ᠢ 3 ᠪᠠᠶᠢᠭᠤᠯᠵᠤ᠂ 217 ᠵᠦᠢᠯ ᠤᠨ

ᠣᠨ ᠤ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 8226 ᠡᠷᠦᠬᠡ ᠵᠠᠬ᠎ᠠ

ᠳᠡᠯᠭᠡᠭᠦᠷ ᠤᠨ ᠭᠤᠣᠯ ᠴᠣᠭᠴᠠ ᠰᠢᠨ᠎ᠡ ᠪᠠᠷ ᠨᠡᠮᠡᠭᠳᠡᠵᠦ᠂ ᠮᠠᠨ ᠤ ᠬᠤᠲᠠ ᠶᠢᠨ ︽ᠭᠤᠣᠯ ᠳᠡᠳ᠋ ᠴᠤᠪᠤᠷᠠᠯ ᠢ

ᠵᠡᠷᠭᠡᠪᠡᠷ ᠨᠡᠪᠲᠡᠷᠡᠭᠦᠯᠵᠦ᠂ ᠠᠯᠠᠭᠠᠨ ᠳᠡᠭᠡᠷᠡᠬᠢ ᠬᠢᠨᠠᠯᠲᠠ ᠬᠠᠮᠢᠶᠠᠷᠤᠯᠲᠠ ᠶᠢ ᠪᠦᠬᠦᠨ ᠢ ᠢᠯᠡ ᠪᠣᠯᠭᠠᠬᠤ︾

ᠰᠢᠰᠲ᠋ᠧᠮ ᠤᠨ ᠪᠠᠶᠢᠭᠤᠯᠤᠯᠳᠠ ᠶᠢᠨ ᠨᠠᠶᠢᠳᠡᠯᠢᠭ ᠠᠷᠭ᠎ᠠ ᠶᠢ ᠪᠦᠬᠦ ᠣᠷᠣᠨ ᠳᠤ ᠳᠡᠯᠭᠡᠷᠡᠭᠦᠯᠪᠡ᠃

     ᠪᠢᠳᠡ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢ ᠢᠳᠡᠪᠬᠢᠲᠡᠶ ᠬᠥᠭᠵᠢᠭᠦᠯᠵᠦ᠂ ︽ᠦᠬᠠᠶ

ᠬᠤᠲᠠ ᠶᠢᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠦᠷᠢᠮ︾ ︽ᠦᠬᠠᠶ ᠬᠤᠲᠠ ᠶᠢᠨ ᠭᠠᠵᠠᠷ

ᠳᠣᠤᠷᠠᠬᠢ ᠤᠰᠤ ᠶᠢ ᠬᠠᠮᠠᠭᠠᠯᠠᠬᠤ ᠲᠦᠷᠢᠮ︾ ᠢ ᠨᠡᠶᠢᠲᠡᠯᠡᠨ ᠬᠡᠷᠡᠭᠵᠢᠭᠦᠯᠵᠦ᠂ ᠬᠠᠤᠯᠢ ᠪᠠᠷ ᠬᠤᠲᠠ ᠪᠠᠨ ᠵᠠᠰᠠᠬᠤ

ᠠᠬᠢᠴᠠ ᠶᠢ ᠲᠦᠷᠭᠡᠳᠬᠡᠨ ᠠᠬᠢᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ

 ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂

ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ

ᠪᠠᠲᠤᠲᠠᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ

ᠴᠡᠴᠡᠭᠯᠡᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠪᠠ᠃ ᠴᠡᠷᠢᠭ ᠵᠠᠰᠠᠭ ᠴᠡᠷᠢᠭ ᠠᠷᠠᠳ ᠤᠨ

ᠪᠦᠯᠬᠦᠮᠳᠡᠯ ᠢ ᠢᠳᠡᠪᠬᠢᠲᠡᠢ ᠬᠠᠮᠠᠭᠠᠯᠠᠵᠤ᠂ ᠮᠠᠨ ᠤ ᠬᠤᠲᠠ ᠳᠠᠬᠢᠨᠲᠠ ᠪᠦᠬᠦ ᠤᠯᠤᠰ ᠤᠨ ᠬᠤᠶᠠᠷ ᠢ ᠬᠦᠷᠢᠶᠡᠯᠡᠬᠦ

ᠵᠢᠱᠢᠶᠡᠴᠢ ᠬᠤᠲᠠ ᠪᠣᠯᠪᠠ᠃

     ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠢᠲᠡᠭᠡᠯ ᠢᠶᠠᠨ

ᠪᠠᠲᠤᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ︵ᠭᠠᠵᠠᠷ᠂ ᠥᠷᠲᠡᠭᠡ︶ ᠢ

ᠪᠦᠬᠦᠨ ᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠤᠯᠠᠭᠠᠨᠮᠥ᠋ᠴᠢᠷ ᠤᠨ ᠰᠢᠷᠢᠰ ᠰᠣᠶᠣᠯ ᠤᠨ ᠠᠷᠠᠳ ᠤᠨ

ᠲᠥᠯᠥᠭᠡ ᠲᠣᠭᠯᠠᠯᠲᠠ ᠭᠠᠷᠭᠠᠬᠤ ᠠᠵᠢᠯᠯᠠᠭ᠎ᠠ ᠶᠢ ᠥᠷᠨᠢᠭᠦᠯᠵᠦ᠂ ᠺᠢᠨᠣ᠋ ︽ᠦᠬᠠᠶ︾ ᠵᠡᠷᠭᠡ 20 ᠭᠠᠷᠤᠶ ᠤᠳᠬ᠎ᠠ

ᠤᠷᠠᠯᠢᠭ ᠤᠨ ᠰᠣᠳᠣᠨ ᠪᠦᠲᠦᠭᠡᠯ ᠤᠯᠤᠰ ᠤᠨ ᠳᠣᠲᠣᠭᠠᠳᠤ ᠭᠠᠳᠠᠭᠠᠳᠤ ᠶᠢᠨ ᠱᠠᠩᠨᠠᠯ ᠢ ᠭᠥᠷᠳᠡᠵᠦ᠂ ᠭᠠᠵᠠᠷ

ᠣᠷᠣᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠲᠠᠰᠤᠷᠠᠯᠲᠠ ᠥᠬᠡᠶ ᠴᠢᠩᠭᠠᠷᠠᠪᠠ᠃

     ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂

ᠠᠷᠠᠳ ᠤᠨ ᠠᠮᠢᠳᠤᠷᠠᠯ ᠤᠨ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ

ᠬᠢᠪᠡ᠃ ᠪᠦᠬᠦ ᠬᠤᠲᠠ ᠶᠢᠨ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠤᠨ ᠵᠠᠷᠤᠯᠭ᠎ᠠ ᠶᠢᠨ ᠡᠩ ᠤᠨ

ᠣᠯᠠᠨ ᠨᠡᠶᠢᠳᠡ ᠶᠢᠨ ᠲᠥᠰᠦᠪ ᠤᠨ ᠵᠠᠷᠤᠯᠭ᠎ᠠ ᠳᠠᠬᠢ ᠡᠵᠡᠯᠡᠬᠦ ᠬᠠᠷᠢᠴᠠᠯ 70 % ᠠᠴᠠ ᠳᠡᠭᠡᠭᠰᠢ ᠶᠢ ᠪᠠᠲᠤᠯᠠᠵᠤ᠂

ᠨᠢᠭᠡᠳᠦᠭᠡᠷ ᠪᠦᠯᠦᠭ ᠤᠨ ᠵᠢᠩᠬᠢᠨᠢ ᠠᠩᠭᠢ ᠶᠢᠨ ᠬᠤᠪᠢ ᠶᠢᠨ ᠱᠤᠭᠤᠮ ᠳᠤ ᠬᠦᠷᠦᠭᠰᠡᠨ ᠨᠣᠷᠮ᠎ᠠ᠂ ᠵᠢᠩᠬᠢᠨᠢ ᠠᠩᠭᠢ

 ᠶᠢᠨ ᠬᠤᠪᠢ ᠶᠢᠨ ᠱᠤᠭᠤᠮ ᠳᠤ ᠬᠦᠷᠦᠭᠰᠡᠨ ᠨᠣᠷᠮ᠎ᠠ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠮᠠᠨ ᠤ

ᠬᠤᠲᠠ ᠰᠤᠷᠭᠠᠨ ᠬᠥᠮᠦᠵᠢᠯ ᠤᠨ ᠶᠠᠮᠤᠨ ᠳᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ

ᠬᠢᠴᠢᠶᠡᠯ᠂ ᠰᠢᠨ᠎ᠡ ᠵᠢᠭᠠᠬᠤ ᠮᠠᠲ᠋ᠧᠷᠢᠶᠠᠯ ᠤᠨ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠣᠷᠣᠨ ᠢᠶᠠᠷ

ᠲᠤᠭᠳᠠᠭᠠᠭᠳᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠨᠢ ᠥᠪᠡᠷᠲᠡᠭᠡᠨ

ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠶᠢᠨ ᠬᠡᠪᠴᠢᠶᠡᠨ ᠳᠤ ᠪᠠᠶᠢᠬᠤ ᠶᠢ ᠪᠠᠲᠤᠯᠠᠵᠤ᠂ ᠠᠮᠢᠳᠤᠷᠠᠯ ᠤᠨ

ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠦᠬᠦ ᠣᠷᠣᠨ ᠤ ᠭᠤᠷᠪᠠᠳᠤᠭᠠᠷ ᠲᠤ ᠣᠷᠣᠵᠣ᠂ ᠬᠤᠳᠠ ᠶᠢᠨ

ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ

ᠬᠤᠲᠠ ᠤᠳᠠᠯ ᠦᠭᠡᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠨᠡᠷᠡᠯᠡᠭᠳᠡᠵᠤ᠂ ᠣᠯᠠᠨ ᠲᠦᠮᠡᠨ ᠤ

ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠰᠡᠳᠬᠢᠭᠳᠡᠯ᠂ ᠠᠮᠤᠷ ᠲᠦᠪᠰᠢᠨ ᠤ ᠲᠥᠷᠥᠭᠳᠡᠯ ᠦᠷᠭᠦᠯᠵᠢᠯᠡᠨ

ᠲᠡᠭᠡᠭᠰᠢᠯᠡᠬᠦᠯᠬᠦ ᠪᠤᠯᠤᠨ᠎ᠠ᠃

     ᠪᠢᠳᠡ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂

︽ᠨᠢᠭᠡᠳᠦᠭᠡᠷ ᠭᠠᠷ︾ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠵᠢᠷᠭᠤᠭᠠᠨ ᠶᠡᠭᠡ

ᠬᠥᠮᠦᠵᠢᠯ ᠪᠣᠯᠪᠠᠰᠤᠷᠠᠯ ᠤᠨ ᠲᠥᠯᠥᠪᠯᠡᠭᠡ ᠶᠢ ᠬᠡᠷᠡᠭᠵᠢᠭᠦᠯᠵᠦ᠂ ᠵᠥᠪ ᠣᠨᠣᠪᠴᠢᠲᠠᠶ ᠬᠥᠮᠦᠨ ᠰᠣᠩᠭᠤᠵᠤ ᠬᠥᠮᠦᠨ

ᠬᠡᠷᠡᠭᠯᠡᠬᠦ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ

 ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢᠨ

ᠱᠠᠲᠤ ᠬᠤᠪᠢᠶᠠᠨ ᠰᠤᠭᠤᠴᠢᠨ ᠪᠠᠶᠢᠴᠠᠭᠠᠬᠤ ᠲᠤᠰᠢᠶᠠᠯ ᠤᠨ ᠮᠡᠳᠡᠭᠦᠯᠦᠯᠲᠡ ᠬᠢᠬᠦ ᠶᠢ ᠭᠦᠨᠵᠡᠭᠡᠶᠢᠷᠡᠭᠦᠯᠵᠦ᠂ ᠢᠯᠵᠠᠷᠠᠯ

 ᠢ ᠵᠠᠯᠬᠠᠭᠠᠨ ᠰᠢᠳᠬᠡᠬᠦ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠪᠠ᠃ ᠨᠡᠭᠦᠷᠡᠰᠦᠨ ᠤ ᠡᠬᠢ ᠪᠠᠶᠠᠯᠢᠭ

 ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ

ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂

ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂

ᠳᠡᠭᠡᠳᠦ ᠳᠤᠤᠷᠠᠳᠦ ᠱᠠᠳᠤ ᠪᠠᠷ ᠢᠶᠠᠨ ᠰᠡᠳᠬᠢᠯ ᠨᠢᠭᠡᠳᠦᠨ ᠭᠡᠮ ᠠᠷᠬᠠᠭ ᠢ ᠵᠠᠰᠠᠬᠤ᠂ ᠤᠬ ᠦᠨᠳᠦᠰᠦ ᠠᠴᠠ ᠨᠢ

ᠴᠡᠭᠴᠡᠯᠡᠨ ᠵᠠᠰᠠᠵᠤ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠳᠠᠶᠢᠴᠢᠯᠠᠨ

ᠪᠦᠷᠢᠯᠳᠦᠭᠦᠯᠪᠡ᠃

     ᠦᠵᠡᠬᠦ ᠳᠤ ᠶᠡᠷᠦ ᠪᠤᠰᠤ ᠶᠢᠨ ᠪᠤᠯᠪᠠᠴᠣ ᠪᠦᠲᠦᠭᠡᠬᠦ ᠳᠤ ᠬᠢᠯᠪᠠᠷ ᠪᠤᠰᠣ ᠪᠠᠶᠢᠳᠠᠭ᠃ ᠡᠳᠡᠭᠡᠷ ᠠᠮᠵᠢᠯᠲᠠ ᠶᠢ

ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠳᠣᠲᠣᠨᠣ

ᠬᠠᠯᠠᠮᠵᠢᠯᠠᠯ ᠤᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ

ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠲᠠ ᠶᠢᠨ ᠳᠥᠷᠪᠡᠨ ᠶᠡᠭᠡ

ᠤᠳᠤᠷᠢᠳᠬᠤ ᠪᠠᠭ ᠤᠨ ᠪᠦᠯᠬᠦᠮᠳᠡᠨ ᠨᠢᠭᠡᠳᠴᠦ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠤᠭᠰᠠᠨ ᠤ

ᠦᠷ᠎ᠡ ᠳ᠋ᠦᠩ ᠮᠥᠨ᠂ ᠨᠠᠩ ᠴᠤ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ

ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠬᠠᠮᠲᠤ ᠪᠠᠷ ᠴᠢᠷᠮᠠᠶᠢᠵᠤ ᠴᠥᠬᠦᠷᠡᠰᠢ ᠦᠭᠡᠢ

ᠲᠡᠮᠡᠴᠡᠭᠰᠡᠨ ᠤ ᠦᠷ᠎ᠡ ᠳ᠋ᠦᠩ ᠮᠥᠨ᠃

     ᠬᠠᠭᠤᠴᠢᠨ ᠵᠢᠯ ᠢᠶᠠᠨ ᠨᠢᠭᠡᠨᠲᠡ ᠦᠳᠡᠵᠦ᠂ ᠰᠢᠨ᠎ᠡ ᠵᠢᠯ ᠢᠶᠠᠨ ᠤᠭᠲᠤᠭᠠᠳ ᠠᠪᠤᠯ᠎ᠠ᠃ 2021 ᠣᠨ ᠪᠣᠯ

︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠨᠡᠶᠢᠭᠡᠮ ᠵᠢᠷᠤᠮ ᠤᠨ

ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠤᠨ ᠡᠬᠢᠯᠡᠯᠲᠡ ᠶᠢᠨ

ᠵᠢᠯ᠂ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠃ ᠰᠢᠨ᠎ᠡ ᠨᠢᠭᠡᠨ ᠵᠢᠯ ᠳᠤ᠂ ᠪᠢᠳᠡ ᠰᠢ

 ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ

ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠣᠭᠠᠷ᠂ ᠲᠦᠷᠪᠡᠳᠦᠭᠡᠷ᠂ ᠲᠠᠪᠤᠳᠣᠭᠠᠷ ᠪᠥᠬᠦᠳᠡ

ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠣᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ

ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ

ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ

ᠰᠠᠭᠤᠷᠢᠯᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢ

ᠠᠬᠢᠭᠤᠯᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ

ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠵᠤ᠂ ᠠᠵᠤ

ᠠᠬᠤᠢ ᠶᠢᠨ ᠵᠦᠢ ᠵᠣᠬᠢᠰᠲᠠᠢ ᠨᠡᠮᠡᠭᠳᠡᠯ ᠢ ᠬᠦᠴᠦᠯᠡᠨ ᠪᠠᠲᠤᠯᠠᠵᠤ᠂ ᠠᠵᠤ ᠦᠢᠯᠡᠰ ᠤᠨ ᠬᠡᠯᠪᠡᠷᠢ ᠪᠠᠨ

ᠬᠤᠪᠢᠷᠠᠭᠤᠯᠬᠤ ᠠᠯᠬᠤᠴᠠ ᠪᠠᠨ ᠬᠦᠴᠦᠯᠡᠨ ᠲᠦᠷᠭᠡᠳᠭᠡᠵᠦ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢ

ᠬᠦᠴᠦᠯᠡᠨ ᠬᠤᠪᠢᠷᠠᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠨᠠᠮ ᠢ ᠪᠦᠬᠦ

ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠰᠠᠶᠢᠨ ᠡᠬᠢᠯᠡᠯᠲᠡ ᠶᠢ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ

 ᠶᠢ ᠪᠡᠯᠭᠡᠯᠡᠶ᠎ᠡ᠃

     ᠰᠠᠶᠢᠨ ᠰᠠᠶᠢᠬᠠᠨ ᠵᠢᠷᠤᠭ ᠲᠥᠰᠦᠪ ᠢ ᠪᠣᠳᠠᠲᠠᠢ ᠠᠵᠢᠯᠯᠠᠬᠤ ᠪᠠᠷ ᠵᠢᠷᠤᠭᠯᠠᠵᠤ᠂ ᠠᠭᠤᠤ ᠶᠡᠭᠡ ᠬᠦᠰᠡᠯ

ᠵᠡᠭᠦᠳᠦ ᠶᠢ ᠰᠡᠳᠬᠢᠯ ᠨᠢᠭᠡᠳᠦᠨ ᠴᠣᠭᠴᠠᠯᠠᠨᠠᠮ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ

 ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠤᠨ ᠪᠦᠷᠢᠶ᠎ᠡ ᠨᠢᠭᠡᠨᠲᠡ ᠬᠠᠩᠭᠢᠨᠠᠵᠤ᠂ ᠪᠢᠳᠠ ᠰᠢ ᠶᠢᠨ ᠫᠢᠩ ᠨᠥᠬᠦᠷ

 ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠯᠠᠯᠲᠠ

 ᠶᠢᠨ ᠡᠷᠴᠢᠨ ᠳᠡᠭᠡᠷ᠎ᠡ ᠪᠠᠨ ᠰᠢᠨ᠎ᠡ ᠪᠠᠶᠢᠳᠠᠯ ᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ ᠰᠢᠨ᠎ᠡ ᠬᠠᠭᠤᠳᠠᠰᠤ ᠶᠢ

ᠪᠢᠴᠢᠭᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠡᠩ ᠰᠠᠶᠢᠨ ᠰᠠᠶᠢᠬᠠᠨ ᠢᠷᠡᠭᠡᠳᠦᠢ ᠲᠡᠶᠢᠰᠢ

ᠳᠠᠪᠠᠯᠭᠠᠨ ᠢ ᠰᠦᠷᠦᠨ ᠣᠷᠣᠭᠰᠢᠯᠠᠰᠣᠭᠠᠢ᠃

     ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ ᠵᠥᠩᠨᠡᠶ᠎ᠡ︕

     ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ

ᠪᠠᠶᠢᠬᠤ ᠶᠢ ᠵᠥᠩᠨᠡᠶ᠎ᠡ︕

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号