ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ ᠣᠳᠠᠰᠣᠳᠣ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/11
     1 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ ᠣᠳᠠᠰᠣᠳᠣ ᠬᠤᠷᠠᠯ ᠬᠤᠷᠠᠯᠳᠤᠭᠤᠯᠵᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠥᠨᠳᠥᠷ ᠲᠤᠮᠳᠠ ᠵᠡᠷᠭᠡ ᠶᠢᠨ ᠠᠶᠤᠯ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠤᠯᠪᠤᠭᠳᠠᠯ ᠪᠥᠬᠦᠶ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠲᠠᠩ ᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠸᠠᠩ ᠵᠣᠣ ᠱᠧᠩ ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠣ ᠶᠧ ᠸᠧᠨ ᠦᠬᠠᠶ ᠶᠢᠨ ᠬᠤᠪᠢᠶᠠᠷᠢ ᠬᠤᠷᠠᠯ ᠤᠨ ᠲᠠᠯᠠᠪᠠᠶ ᠠᠴᠠ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠂ ᠡᠯ᠎ᠡ ᠭᠠᠵᠠᠷ᠂ ᠡᠯ᠎ᠡ ᠠᠵᠢᠯᠯᠠᠬᠤ ᠳᠤᠭᠤᠶᠢᠯᠠᠩ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠤ ᠡᠯ᠎ᠡ ᠲᠠᠯ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠥᠨᠳᠥᠷ ᠲᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ ᠢ ᠮᠥᠷᠳᠡᠨ ᠪᠠᠶᠢᠴᠠᠭᠠᠬᠤ᠂ ᠰᠢᠯᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯ ᠤᠨ ᠨᠡᠪᠲᠡᠷᠡᠯᠴᠡᠭᠡ ᠪᠠᠨ ᠴᠢᠩᠭᠠᠳᠬᠠᠨ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠳᠠᠭᠠᠳᠤ ᠠᠴᠠ ᠣᠷᠣᠭᠤᠯᠬᠤ ᠡᠳ᠋ ᠪᠣᠳᠠᠰ ᠤᠨ ᠬᠢᠵᠢᠭ ᠢ ᠪᠠᠶᠢᠴᠠᠭᠠᠵᠤ ᠰᠢᠯᠭᠠᠨ ᠬᠡᠮᠵᠢᠬᠦ ᠪᠠᠨ ᠴᠢᠩᠭᠠᠳᠬᠠᠨ᠂ ᠮᠡᠳᠡᠭᠦᠯᠦᠯᠲᠡ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠬᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ᠂ ᠡᠯ᠎ᠡ ᠠᠵᠢᠯᠯᠠᠬᠤ ᠳᠤᠭᠤᠶᠢᠯᠠᠩ᠂ ᠡᠯ᠎ᠡ ᠰᠠᠯᠠᠭ᠎ᠠ ᠮᠥᠴᠢᠷ ᠤᠨ ᠬᠢᠨ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠦᠨ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠳᠠᠬᠢᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ ᠬᠡᠵᠡᠢ᠃      ᠪᠠᠰᠠ ᠮᠡᠳᠡᠭᠡ   ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠧᠯᠸᠢᠰ ᠣᠳᠠᠰᠣᠳᠣ ᠬᠤᠷᠠᠯ ᠲᠡᠭᠦᠰᠦᠭᠰᠡᠨ ᠤ ᠳᠠᠷᠠᠭ᠎ᠠ᠂ ᠮᠠᠨ ᠤ ᠬᠤᠲᠠ ᠬᠤᠷᠠᠯ ᠬᠤᠷᠠᠯᠳᠤᠭᠤᠯᠵᠤ᠂ ᠲᠠᠷᠠᠭᠠᠴᠢ ᠶᠢᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠲᠠᠩ ᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠸᠠᠩ ᠵᠣᠣ ᠱᠧᠩ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠤ ᠶᠧ ᠸᠧᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠪᠥᠬᠦ ᠳᠡᠯᠡᠬᠡᠶ ᠶᠢᠨ ᠬᠡᠪᠴᠢᠶᠡᠨ ᠳᠤ ᠦᠷᠪᠢᠰᠦᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠨᠤᠲᠤᠭ ᠳᠡᠪᠢᠰᠬᠡᠷ ᠤᠨ ᠬᠢᠵᠢᠭ ᠤᠨ ᠪᠠᠶᠢᠳᠠᠯ ᠵᠠᠷᠢᠮ ᠭᠠᠵᠠᠷ ᠲᠤ ᠳᠠᠬᠢᠨ ᠡᠭᠦᠰᠴᠦ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠲᠠᠶᠢᠪᠤᠰᠢᠷᠠᠬᠤ ᠦᠵᠡᠯ ᠰᠠᠨᠠᠭ᠎ᠠ᠂ ᠳᠠᠶᠢᠯᠠᠯᠳᠤᠬᠤ ᠠᠴᠠ ᠬᠠᠯᠠᠰᠢᠷᠠᠬᠤ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠬᠤ ᠪᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠠᠳᠬᠤᠬᠤ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ ᠪᠣᠯᠤᠨ ᠲᠦᠷᠭᠡᠨ ᠤ ᠵᠠᠰᠠᠮᠠᠯ ᠵᠠᠮ ᠤᠨ ᠣᠷᠣᠵᠤ ᠭᠠᠷᠬᠤ ᠭᠠᠵᠠᠷ ᠵᠡᠷᠭᠡ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠲᠠᠯᠠᠪᠤᠷ ᠭᠠᠵᠠᠷ ᠪᠣᠯᠤᠨ ᠴᠢᠬᠤᠯᠠ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠭᠠᠵᠠᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠭᠠᠵᠠᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠪᠠᠶᠢᠩᠭᠤᠵᠢᠬᠰᠠᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨ ᠬᠦ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠬᠢᠵᠢᠭ  ᠤᠨ ᠪᠠᠶᠢᠳᠠᠯ ᠤᠨ ᠥᠨᠳᠥᠷ ᠲᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠢ ᠮᠥᠷᠳᠡᠨ ᠪᠠᠶᠢᠴᠠᠭᠠᠬᠤ᠂ ᠪᠦᠷᠢᠳᠬᠡᠨ ᠳᠠᠩᠰᠠᠯᠠᠭᠤᠯᠬᠤ᠂ ᠡᠳᠦᠷ ᠲᠤᠲᠤᠮ ᠤᠨ ᠡᠷᠡᠭᠦᠯ ᠮᠡᠨᠳᠦ  ᠶᠢ ᠬᠢᠨᠠᠨ ᠬᠡᠮᠵᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠲᠤᠰᠠᠭᠠᠷᠯᠠᠨ ᠠᠵᠢᠭᠯᠠᠬᠤ ᠵᠡᠷᠭᠡ ᠠᠷᠭ᠎ᠠ ᠬᠡᠮᠵᠢᠶ᠎ᠡ  ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠶ᠃ ᠪᠠᠭᠤᠷᠠᠢ ᠭᠤᠭᠴᠤᠭ᠎ᠠ ᠪᠠᠨ ᠴᠢᠩᠭ᠎ᠠ ᠠᠩᠬᠠᠷᠴᠤ᠂ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠴᠢᠩᠭᠠᠳᠬᠠᠨ᠂ ᠬᠠᠨᠳᠤᠯᠭᠠᠲᠤ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠣᠯᠠᠨ ᠲᠦᠮᠡᠨ  ᠤ ᠲᠣᠰ ᠪᠡᠶ᠎ᠡ ᠶᠢᠨ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠰᠠᠨᠠᠭᠠᠴᠢᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠴᠤᠭᠯᠠᠷᠠᠯ ᠤᠨ ᠴᠢᠨᠠᠷᠲᠠᠶ ᠲᠣᠮᠣ ᠬᠡᠯᠪᠡᠷᠢ ᠶᠢᠨ ᠠᠵᠢᠯᠯᠠᠭ᠎ᠠ ᠡᠷᠭᠢᠯᠡᠬᠦ ᠥᠬᠡᠶ ᠪᠣᠯᠭᠠᠬᠤ ᠬᠡᠷᠡᠭᠲᠡᠶ᠃ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ ᠪᠣᠯᠤᠨ ᠬᠤᠪᠢ ᠬᠥᠮᠦᠨ ᠤ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠦᠨᠡᠨ ᠬᠦ ᠪᠠᠲᠤᠯᠠᠵᠤ᠂ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠪᠣᠯᠤᠨ ᠡᠯ᠎ᠡ ᠠᠵᠢᠯᠯᠠᠬᠤ ᠳᠤᠭᠤᠶᠢᠯᠠᠩ ᠤᠨ ᠬᠢᠨ ᠪᠥᠬᠦ ᠲᠠᠯ᠎ᠠ ᠪᠠᠷ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠬᠤ᠂ ᠵᠣᠬᠢᠴᠠᠭᠤᠯᠬᠤ ᠵᠡᠷᠭᠡ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠬᠠᠮᠰᠠᠷ ᠠᠴᠠ ᠪᠠᠨ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠢᠭᠡᠳᠦᠯᠲᠡᠶ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠳᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号