ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ  ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠲᠣᠭᠲᠠᠪᠠ
ᠨᠡᠶᠢᠲᠡᠯᠡᠭᠰᠡᠨ ᠴᠠᠭ᠄
2021/1/11
     1 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠶ ᠶᠢᠨ ᠠᠵᠢᠯ ᠤᠨ ᠬᠤᠷᠠᠯ ᠢ ᠬᠤᠷᠠᠯᠳᠣᠭᠤᠯᠬᠤ ᠵᠡᠷᠭᠡ ᠶᠠᠪᠤᠳᠠᠯ ᠢ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯ ᠰᠢᠨ᠎ᠡ ᠬᠥᠭᠵᠢᠯᠲᠡ ᠶᠢᠨ ᠱᠠᠲᠤᠨ ᠤ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠠᠵᠢᠯᠯᠠᠭᠠᠨ ᠤ ᠬᠥᠲᠥᠯᠪᠦᠷᠢ ᠪᠠ ᠦᠨᠳᠦᠰᠦᠨ ᠵᠢᠷᠤᠮᠯᠠᠯ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠣᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠤᠨ ᠰᠢᠨ᠎ᠡ ᠬᠥᠭᠵᠢᠯᠲᠡ ᠶᠢᠨ ᠱᠠᠲᠤᠨ ᠳᠠᠬᠢ ᠲᠤᠶᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠦ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠬᠤᠲᠠ ᠶᠢᠨ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠥᠳᠡᠭᠡ ᠲᠣᠰᠬᠤᠨ ᠤ ᠠᠵᠤ ᠦᠶᠯᠡᠰ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠡᠭᠦᠷᠭᠡ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ᠨᠠᠩ ᠶᠡᠭᠡ ᠵᠣᠷᠢᠭ ᠰᠢᠭᠤᠳᠬᠤ᠂ ᠨᠠᠩ ᠡᠷᠴᠢ ᠵᠣᠷᠢᠭ ᠲᠡᠭᠦᠯᠳᠡᠷ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠲᠠᠷᠢᠶᠠᠯᠠᠩ ᠤᠨ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠢ ᠪᠠᠶᠢᠬᠤ᠂ ᠬᠥᠳᠡᠭᠡ ᠲᠣᠰᠬᠤᠨ ᠳᠤ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠳᠡᠢ ᠬᠡᠵᠡᠢ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠤᠭᠳᠠᠯ ᠪᠦᠬᠦᠢ ᠬᠤᠷᠠᠯ ᠤᠨ ᠮᠠᠲ᠋ᠧᠷᠢᠶᠠᠯ ᠢ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠪᠣᠯ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠡᠬᠢᠯᠡᠭᠰᠡᠨ ᠵᠢᠯ ᠳᠤ ᠬᠤᠷᠠᠯᠳᠣᠭᠤᠯᠬᠤ ᠨᠢᠭᠡ ᠣᠳᠠᠭᠠᠨ ᠤ ᠴᠢᠬᠤᠯᠠ ᠬᠤᠷᠠᠯ ᠪᠣᠯᠤᠨ᠎ᠠ᠃ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ  ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠣᠭᠠᠷ᠂ ᠲᠦᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠢᠭᠡᠳᠦᠯᠲᠡᠶ ᠲᠣᠬᠢᠷᠠᠭᠤᠯᠵᠤ᠂ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ  ᠂ ᠤᠬᠠᠭᠤᠯᠤᠨ ᠮᠡᠳᠡᠭᠡᠯᠡᠬᠦ᠂ ᠦᠶᠯᠡᠴᠢᠯᠡᠭᠡᠨ ᠤ ᠪᠠᠲᠤᠯᠠᠭ᠎ᠠ ᠵᠢᠴᠢ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠵᠡᠷᠭᠡ ᠠᠵᠢᠯ ᠢᠶᠠᠨ ᠰᠠᠶᠢᠲᠤᠷ ᠬᠢᠵᠦ᠂ ᠬᠤᠷᠠᠯ ᠤᠨ ᠤᠷᠤᠭᠰᠢᠲᠠᠶ ᠬᠤᠷᠠᠯᠳᠤᠬᠤ ᠶᠢ ᠪᠠᠲᠤᠯᠠᠵᠤ᠂ ᠵᠢᠱᠢᠭᠰᠡᠨ ᠦᠷ᠎ᠡ ᠪᠦᠲᠦᠮᠵᠢ ᠣᠯᠬᠤ ᠬᠡᠷᠡᠭᠳᠡᠢ ᠬᠡᠵᠡᠢ᠃      ᠬᠤᠷᠠᠯ ᠠᠴᠠ ᠬᠤᠲᠠ ᠶᠢᠨ ᠵᠠᠰᠠᠭ ᠤᠨ ᠣᠷᠳᠣᠨ ᠤ 2020 ᠣᠨ ᠤ ᠠᠵᠢᠯ ᠤᠨ ᠳ᠋ᠦᠩᠨᠡᠯᠲᠡ ᠵᠢᠴᠢ 2021 ᠣᠨ ᠤ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽2020 ᠣᠨ  ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠵᠢᠴᠢ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠳ᠋ᠦᠩᠨᠡᠯᠲᠡ ᠶᠢᠨ ᠮᠡᠳᠡᠭᠦᠯᠦᠯᠲᠡ︾ ᠶᠢ ᠬᠢᠨᠠᠨ ᠵᠥᠪᠯᠡᠪᠡ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠢ 2021 ᠣᠨ 1 ᠰᠠᠷ᠎ᠠ ᠶᠢᠨ 11   ᠤ ᠡᠳᠦᠷ ᠠᠴᠠ 12   ᠤᠨ ᠡᠳᠦᠷ ᠪᠣᠯᠲᠠᠯ᠎ᠠ ᠬᠤᠷᠠᠯᠳᠤᠭᠤᠯᠬᠤ ᠪᠠᠷ ᠲᠣᠭᠲᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号