2020 ᠣᠨ ᠤ ᠳᠤᠮᠳᠠᠳᠤ ᠤᠯᠤᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ  ᠶᠢᠨ ᠰᠢᠯᠢᠳᠡᠭ ᠨᠡᠷᠡᠰ ᠤᠨ ᠵᠢᠭᠰᠠᠭᠠᠯᠲᠠ ᠳᠤ ᠮᠠᠨ ᠤ ᠬᠤᠲᠠ ᠨᠡᠷᠡᠰ ᠤᠨ ᠵᠢᠭᠰᠠᠭᠠᠯᠲᠠ ᠳᠤ ᠲᠣᠳᠣᠷᠠᠪᠠ
ᠨᠡᠶᠢᠲᠡᠯᠡᠭᠰᠡᠨ ᠴᠠᠭ᠄
2021/1/13
     ᠣᠶᠢᠷ᠎ᠠ ᠳᠤ᠂ ᠵᠢᠶᠠᠩᠰᠢ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠠᠮᠢᠶᠠᠷᠤᠯᠲᠠ ᠰᠢᠶᠳᠪᠦᠷᠢᠲᠦ ᠪᠣᠳᠣᠯᠭ᠎ᠠ ᠦᠨᠡᠯᠡᠯᠳᠡ ᠶᠢᠨ ᠰᠤᠳᠤᠯᠭᠠᠨ ᠤ ᠲᠥᠪ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠰᠠᠭ  ᠤᠨ ᠣᠷᠳᠣᠨ ᠤ ᠬᠠᠮᠢᠶᠠᠷᠤᠯᠲᠠ ᠶᠢᠨ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠤᠳᠤᠯᠭᠠᠨ ᠤ ᠨᠡᠶᠢᠭᠡᠮᠯᠢᠭ ᠵᠡᠷᠭᠡ ᠨᠢᠭᠡᠴᠡ ᠠᠴᠠ ᠬᠠᠮᠲᠤᠷᠠᠨ ᠡᠷᠭᠢᠯᠡᠭᠰᠡᠨ ᠠᠷᠪᠠᠳᠤᠭᠠᠷ ᠬᠤᠭᠤᠴᠠᠭᠠᠨ ᠤ ᠬᠠᠮᠢᠶᠠᠷᠤᠯᠲᠠ ᠰᠢᠶᠳᠪᠦᠷᠢᠲᠦ ᠪᠣᠳᠣᠯᠭ᠎ᠠ ᠦᠷ᠎ᠡ ᠪᠦᠲᠦᠮᠵᠢ ᠦᠨᠡᠯᠡᠯᠳᠡ ᠶᠢᠨ ᠰᠤᠳᠤᠯᠤᠨ ᠶᠠᠷᠢᠯᠴᠠᠬᠤ ᠬᠤᠷᠠᠯ ᠵᠢᠴᠢ ︽ᠳᠤᠮᠳᠠᠳᠤ ᠤᠯᠤᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ᠰᠤᠳᠤᠯᠭᠠᠨ ᠤ ᠮᠡᠳᠡᠭᠦᠯᠦᠯᠲᠡ ︵2020︶︾ ᠶᠢ ᠨᠡᠶᠢᠲᠡᠯᠡᠬᠦ ᠬᠤᠷᠠᠯ ᠬᠤᠷᠠᠯᠳᠤᠵᠤ᠂ 2020 ᠣᠨ ᠤ ᠳᠤᠮᠳᠠᠳᠤ ᠤᠯᠤᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ᠰᠢᠯᠢᠳᠡᠭ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠥᠪᠥᠷ ᠮᠣᠩᠭᠤᠯ ᠤᠨ ᠦᠬᠠᠶ᠂ ᠬᠥᠬᠡᠬᠤᠲᠠ᠂ ᠬᠥᠯᠥᠨ ᠪᠣᠶᠢᠷ᠂ ᠪᠤᠭᠤᠲᠤ ᠵᠡᠷᠭᠡ ᠬᠤᠲᠠ ᠵᠢᠭᠰᠠᠭᠠᠯᠳᠠ ᠳᠤ ᠲᠣᠳᠣᠷᠠᠪᠠ᠃ ᠮᠠᠨ ᠤ ᠬᠤᠲᠠ ᠶᠢᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ︽ᠵᠠᠭᠤᠨ ᠥᠨᠳᠥᠷ ᠬᠤᠲᠠ︾ ᠶᠢᠨ ᠨᠡᠷᠡᠰ ᠲᠤ ᠵᠢᠭᠰᠠᠭᠠᠭᠳᠠᠵᠤ᠂ ᠪᠦᠬᠦ ᠤᠯᠤᠰ ᠤᠨ ᠠᠷᠪᠠᠨ ᠨᠢᠭᠡᠳᠦᠭᠡᠷ ᠲᠤ ᠵᠢᠭᠰᠠᠭᠠᠭᠳᠠᠵᠤ᠂ ᠪᠦᠬᠦ ᠣᠷᠣᠨ ᠤ ᠨᠢᠭᠡᠳᠦᠭᠡᠷ ᠲᠤ ᠣᠷᠣᠪᠠ᠃      ᠣᠶᠢᠯᠠᠭᠠᠭᠰᠠᠨ ᠢᠶᠠᠷ᠂ ᠡᠨᠡ ᠪᠣᠯ ᠤᠯᠤᠰ ᠤᠨ ᠳᠣᠲᠣᠭᠠᠳᠤ ᠳᠤ ᠵᠠᠯᠭᠠᠭ᠎ᠠ ᠪᠠᠷ ᠨᠡᠶᠢᠲᠡᠯᠡᠭᠰᠡᠨ ᠳᠤᠮᠳᠠᠳᠤ ᠤᠯᠤᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ᠰᠤᠳᠤᠯᠭᠠᠨ ᠤ ᠣᠨ ᠤ 10 ᠳ᠋ᠤᠭᠠᠷ ᠮᠡᠳᠡᠭᠦᠯᠦᠯᠲᠡ ᠪᠣᠯᠤᠨ᠎ᠠ᠃ ︽ᠮᠡᠳᠡᠬᠦᠯᠦᠯᠳᠡ︾ ᠳᠤ ᠥᠩᠭᠡᠷᠡᠭᠰᠡᠨ ᠤ ᠰᠤᠳᠤᠯᠭᠠᠨ ᠤ ᠰᠡᠳᠬᠢᠮᠵᠢ ᠪᠠ ᠠᠷᠭ᠎ᠠ ᠶᠢ ᠵᠠᠯᠭᠠᠮᠵᠢᠯᠠᠭᠰᠠᠨ ᠰᠠᠭᠤᠷᠢᠨ ᠳᠡᠭᠡᠷ᠎ᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠭᠦᠶᠴᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠵᠡᠷᠭᠡ ᠡᠭᠦᠷᠭᠡ ᠴᠢᠳᠠᠪᠤᠷᠢ ᠶᠢᠨ ᠣᠳᠣᠬᠢ ᠪᠠᠶᠢᠳᠠᠯ ᠳᠤ ᠰᠠᠭᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ᠬᠤᠭᠤᠷᠣᠨᠳᠣᠬᠢ ᠳᠣᠲᠣᠭᠠᠳᠤ ᠬᠠᠷᠢᠯᠴᠠᠭ᠎ᠠ ᠶᠢ ᠭᠤᠣᠯᠳᠠᠯᠭ᠎ᠠ ᠲᠠᠢ ᠢᠯᠡᠷᠡᠭᠦᠯᠬᠦ ᠢᠯᠡᠷᠡᠬᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠶᠳᠪᠦᠷᠢᠲᠦ ᠢᠯᠠᠯᠲᠠ ᠶᠢ ᠣᠯᠬᠤ ᠪᠠ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠲᠤᠯᠭᠠᠷᠠᠵᠤ ᠪᠠᠶᠢᠭ᠎ᠠ ᠠᠰᠠᠭᠤᠳᠠᠯ ᠵᠢᠴᠢ ᠵᠠᠰᠠᠯᠲᠠ ᠶᠢᠨ ᠠᠷᠭᠠᠴᠠᠭᠠᠬᠤ ᠪᠣᠳᠣᠯᠭ᠎ᠠ ᠶᠢ ᠳᠣᠪᠣᠶᠢᠯᠭᠠᠨ ᠨᠣᠳᠠᠯᠠᠵᠤ᠂ ᠵᠣᠬᠢᠴᠠᠩᠭᠤᠢ ᠭᠦᠢᠴᠡᠳᠬᠡᠯ ᠲᠤᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠤ᠂ 2020 ᠣᠨ ᠤ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠬᠡᠮᠵᠢᠨ ᠵᠠᠳᠠᠯᠵᠤ᠂ ᠲᠤᠰᠬᠠᠶ ᠣᠷᠣᠨ ᠤ ᠲᠡᠰ ᠤᠨ ᠬᠤᠲᠠ ᠶᠢᠨ ᠵᠠᠰᠠᠭ ᠤᠨ ᠣᠷᠳᠣᠨ ᠤ ᠦᠷ᠎ᠡ ᠪᠦᠲᠦᠮᠵᠢ᠂ ᠰᠢᠶᠠᠨ ᠤ ᠱᠠᠲᠤᠨ ᠤ ᠵᠠᠰᠠᠭ ᠤᠨ ᠣᠷᠳᠣᠨ ᠤ ᠦᠷ᠎ᠡ ᠪᠦᠲᠦᠮᠵᠢ ᠵᠢᠴᠢ ᠤᠯᠤᠰ ᠠᠴᠠ ᠲᠣᠭᠲᠠᠭᠠᠭᠰᠠᠨ ᠶᠠᠳᠠᠭᠤ ᠠᠴᠠ ᠠᠩᠭᠢᠵᠢᠷᠠᠭᠤᠯᠬᠤ ᠰᠢᠶᠠᠨ ᠤ ᠵᠠᠰᠠᠭ ᠤᠨ ᠣᠷᠳᠣᠨ ᠤ ᠳᠠᠬᠢᠨ ᠶᠠᠳᠠᠭᠤᠷᠠᠬᠤ ᠶᠢ ᠤᠷᠢᠳᠴᠢᠯᠠᠨ ᠰᠡᠷᠭᠡᠶᠢᠯᠡᠬᠦ ᠦᠷ᠎ᠡ ᠪᠦᠲᠦᠮᠵᠢ᠂ 2020 ᠣᠨ ᠤ ᠳᠤᠮᠳᠠᠳᠤ ᠤᠯᠤᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ᠰᠢᠯᠢᠳᠡᠭ ᠨᠡᠷᠡᠰ ᠢ ᠨᠡᠶᠢᠲᠡᠯᠡᠪᠡ᠂ ᠡᠭᠦᠨ ᠳᠤ ᠳᠤᠮᠳᠠᠳᠤ ᠤᠯᠤᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ  ᠶᠢᠨ ︽ᠠᠷᠪᠠᠨ ᠥᠨᠳᠥᠷ ᠮᠤᠵᠢ︾ ︽ᠵᠠᠭᠤᠨ ᠥᠨᠳᠥᠷ ᠬᠤᠲᠠ︾ ︽ᠵᠠᠭᠤᠨ ᠥᠨᠳᠥᠷ ᠰᠢᠶᠠᠨ︾ ᠵᠢᠴᠢ ᠳᠤᠮᠳᠠᠳᠤ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠳᠠᠭᠤ ᠬᠦᠴᠢᠷᠳᠡᠯᠲᠡᠶ ᠦᠷ᠎ᠡ ᠪᠦᠲᠦᠮᠵᠢ ᠶᠢᠨ ︽ᠵᠠᠭᠤᠨ ᠥᠨᠳᠥᠷ ᠰᠢᠶᠠᠨ︾ ᠪᠠᠭᠲᠠᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号