ᠦᠬᠠᠶ ᠬᠤᠲᠠ ᠶᠢᠨ ᠡᠮᠡᠭᠲᠡᠶᠢᠴᠦᠳ ᠤᠨ ᠨᠠᠶᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/14
     1 ᠰᠠᠷ᠎ᠠ ᠶᠢᠨ 13 ᠤ ᠡᠳᠦᠷ᠂ ᠬᠤᠳᠠ ᠶᠢᠨ ᠡᠮᠡᠭᠲᠡᠶᠢᠴᠦᠳ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠡᠣ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠸᠠᠩ ᠯᠢᠩ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢ ᠲᠥᠯᠥᠭᠡᠯᠡᠨ ᠵᠢᠭᠠᠨ ᠵᠢᠯᠣᠭᠤᠳᠤᠭᠰᠠᠨ ᠪᠥᠭᠡᠳ ᠶᠠᠷᠢᠶ᠎ᠠ ᠲᠠᠯᠪᠢᠪᠠ᠃ ᠬᠤᠲᠠ ᠶᠢᠨ ᠤᠳᠤᠷᠢᠳᠤᠯᠭ᠎ᠠ ᠴᠢ ᠹᠸᠢ ᠶᠦᠨ᠂ ᠰᠦ᠋ ᠵᠥᠩ ᠱᠧᠩ᠂ ᠹᠧᠩ ᠰᠢᠤᠸᠠᠢ ᠲᠤᠤ᠂ ᠯᠦᠸᠧ ᠵᠢᠶᠦ᠋ᠨ ᠶᠤᠸᠠᠨ᠂ ᠾᠦᠸᠧ ᠵᠧᠨ ᠭᠦᠸᠧ᠂ ᠳ᠋ᠧᠩ ᠺᠠᠶ᠂ ᠵᠢᠶᠠ ᠴᠢᠩ ᠳ᠋ᠦᠩ᠂ ᠡᠣ ᠰᠢᠶᠤᠤ ᠾᠦᠢ᠂ ᠯᠢᠦ ᠰᠦ᠋ ᠬᠤᠩ ᠬᠤᠷᠠᠯ ᠳᠤ ᠣᠷᠣᠯᠴᠠᠪᠠ᠃

     ᠱᠢ ᠸᠠᠨ ᠵᠢᠶᠦ᠋ᠨ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠶᠡᠭᠡ ᠬᠤᠷᠠᠯ ᠤᠨ

ᠬᠤᠷᠠᠯᠳᠤᠭᠰᠠᠨ ᠳᠤ ᠪᠠᠶᠠᠷ ᠬᠦᠷᠭᠡᠪᠡ᠃ ᠲᠡᠷᠡ ᠵᠢᠭᠠᠵᠤ ᠭᠠᠷᠭᠠᠭᠰᠠᠨ ᠨᠢ᠂ ᠬᠤᠲᠠ ᠶᠢᠨ ᠡᠮᠡᠭᠲᠡᠶᠢᠴᠦᠳ ᠤᠨ

ᠳᠣᠯᠣᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢᠬᠢ ᠲᠠᠪᠤᠨ ᠵᠢᠯ ᠪᠣᠯ ᠪᠥᠬᠦ ᠬᠤᠲᠠ

 ᠶᠢᠨ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠦᠶᠯᠡᠰ ᠤᠨ ᠬᠥᠭᠵᠢᠯᠲᠡ ᠪᠥᠬᠦ ᠲᠠᠯ᠎ᠠ ᠪᠠᠷ ᠳᠠᠪᠰᠢᠭᠰᠠᠨ

ᠲᠠᠪᠤᠨ ᠵᠢᠯ ᠮᠥᠨ᠂ ᠪᠠᠰᠠ ᠴᠤ ᠪᠥᠬᠦ ᠬᠤᠲᠠ ᠶᠢᠨ ᠡᠮᠡᠭᠲᠡᠶᠢᠴᠦᠳ ᠤᠨ ᠦᠶᠯᠡᠰ ᠥᠷᠨᠢᠨ ᠬᠥᠭᠵᠢᠵᠦ᠂

ᠡᠮᠡᠭᠲᠡᠶᠢᠴᠦᠳ ᠤᠨ ᠠᠵᠢᠯ ᠨᠡᠭᠡᠭᠡᠯᠲᠡ ᠬᠢᠵᠦ ᠰᠢᠨ᠎ᠡ ᠶᠢ ᠡᠭᠦᠳᠦᠭᠰᠡᠨ ᠲᠠᠪᠤᠨ ᠵᠢᠯ ᠮᠥᠨ᠃ ᠲᠠᠪᠤᠨ ᠵᠢᠯ ᠤᠨ

ᠲᠤᠷᠰᠢ᠂ ᠪᠥᠬᠦ ᠬᠤᠲᠠ ᠶᠢᠨ ᠥᠷᠭᠡᠨ ᠣᠯᠠᠨ ᠡᠮᠡᠭᠲᠡᠶᠢᠴᠦᠳ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ

ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠡᠵᠡᠨ ᠬᠥᠮᠦᠨ ᠤ ᠣᠪᠣᠷ ᠢᠶᠠᠷ ᠡᠯ᠎ᠡ

ᠬᠦᠷᠢᠶ᠎ᠡ ᠴᠠᠷᠠᠭ᠎ᠠ᠂ ᠡᠯ᠎ᠡ ᠹᠷᠣᠨᠲ ᠲᠤ ᠴᠢᠷᠮᠠᠶᠢᠨ ᠠᠵᠢᠯᠯᠠᠵᠤ᠂ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠦᠬᠠᠶ

 ᠶᠢᠨ ᠡᠮᠡᠭᠲᠡᠶᠢᠴᠦᠳ ᠤᠨ ᠰᠢᠯᠢᠳᠡᠭ ᠵᠠᠩ ᠴᠢᠨᠠᠷ ᠪᠣᠯᠤᠨ ᠴᠠᠭ ᠦᠶ᠎ᠡ ᠶᠢᠨ ᠴᠤᠭ ᠵᠢᠪᠬᠤᠭ᠎ᠠ ᠪᠠᠨ ᠢᠯᠡᠷᠡᠭᠦᠯᠪᠡ

ᠬᠡᠵᠡᠢ᠃

     ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ ᠬᠤᠲᠠ ᠶᠠᠭ ︽ᠠᠷᠪᠠᠨ ᠳᠥᠷᠪᠡᠳᠦᠭᠡᠷ

ᠲᠠᠪᠤᠨ ᠵᠢᠯ︾ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠨᠡᠶᠢᠭᠡᠮ ᠵᠢᠷᠤᠮ ᠤᠨ

ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠵᠠᠩᠭᠢᠯᠠᠭ᠎ᠠ ᠶᠢᠨ

ᠬᠤᠭᠤᠴᠠᠭᠠᠨ ᠳᠤ ᠣᠷᠣᠰᠢᠵᠤ᠂ ᠪᠥᠬᠦ ᠬᠤᠲᠠ ᠶᠢᠨ ᠥᠷᠭᠡᠨ ᠣᠯᠠᠨ ᠡᠮᠡᠭᠲᠡᠶᠢᠴᠦᠳ ᠤᠨ ᠥᠷᠭᠡᠨ ᠢᠶᠠᠷ

ᠣᠷᠣᠯᠴᠠᠬᠤ ᠪᠠ ᠬᠠᠮᠲᠤ ᠪᠠᠷ ᠲᠡᠮᠡᠴᠡᠬᠦ ᠶᠢ ᠱᠠᠭᠠᠷᠳᠠᠵᠤ ᠪᠠᠶᠢᠨ᠎ᠠ᠃ ᠥᠷᠭᠡᠨ ᠣᠯᠠᠨ ᠡᠮᠡᠭᠲᠡᠶᠢᠴᠦᠳ ᠤᠬᠠᠮᠰᠠᠷ

 ᠠᠴᠠ ᠪᠠᠨ ᠬᠤᠪᠢ ᠬᠥᠮᠦᠨ ᠤ ᠬᠦᠰᠡᠯᠡᠩ ᠬᠥᠭᠡᠭᠡᠴᠡᠯᠳᠦᠯ ᠢᠶᠠᠨ ᠨᠠᠮ ᠪᠠ ᠤᠯᠤᠰ ᠤᠨ ᠠᠵᠢᠯ ᠦᠶᠯᠡᠰ ᠲᠤ

ᠠᠭᠤᠰᠤᠯᠴᠠᠭᠤᠯᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠠᠵᠢᠯᠯᠠᠭ᠎ᠠ ᠳᠤᠮᠳᠠ ᠪᠠᠨ

ᠡᠮᠡᠭᠲᠡᠶᠢᠴᠦᠳ ᠤᠨ ᠡᠷᠴᠢ ᠵᠣᠷᠢᠭ ᠢᠶᠠᠨ ᠬᠥᠪᠴᠢᠯᠡᠵᠦ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ

ᠠᠬᠢᠭᠤᠯᠬᠤ ᠰᠢᠨ᠎ᠡ ᠪᠠᠶᠢᠳᠠᠯ ᠳᠤᠮᠳᠠ ᠡᠮᠡᠭᠲᠡᠶᠢᠴᠦᠳ ᠤᠨ ᠭᠠᠪᠢᠶ᠎ᠠ ᠵᠢᠳᠬᠦᠯ ᠢᠶᠠᠨ ᠳᠠᠬᠢᠨ ᠪᠠᠶᠢᠭᠤᠯᠵᠤ᠂ ᠨᠡᠶᠢᠭᠡᠮ

 ᠤᠨ ᠪᠣᠯᠪᠠᠰᠤᠨ ᠤ ᠬᠡᠪ ᠰᠤᠷᠲᠠᠯ ᠢ ᠬᠥᠲᠥᠯᠥᠨ ᠳᠠᠭᠠᠭᠤᠯᠬᠤ ᠶᠠᠪᠤᠴᠠ ᠳᠤ ᠡᠮᠡᠭᠲᠡᠶᠢᠴᠦᠳ ᠤᠨ ᠭᠤᠸ᠎ᠠ ᠰᠠᠶᠢᠬᠠᠨ

 ᠢᠶᠠᠨ ᠢᠯᠡᠷᠡᠭᠦᠯᠵᠦ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠦᠶᠯᠡᠳᠦᠯᠭᠡ ᠳᠤᠮᠳᠠ ᠡᠮᠡᠭᠲᠡᠶᠢᠴᠦᠳ ᠤᠨ

ᠴᠡᠴᠡᠭ ᠢ ᠳᠡᠯᠭᠡᠷᠡᠭᠦᠯᠬᠦ ᠶᠢ ᠬᠦᠰᠡᠵᠦ ᠪᠠᠶᠢᠨ᠎ᠠ᠃ ᠪᠥᠬᠦ ᠬᠤᠲᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ

ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠨᠢ ᠨᠠᠮ ᠵᠠᠰᠠᠭ ᠤᠨ ᠱᠠᠭᠠᠷᠳᠠᠯᠭ᠎ᠠ᠂ ᠡᠮᠡᠭᠲᠡᠶᠢᠴᠦᠳ ᠤᠨ

ᠬᠡᠷᠡᠭᠴᠡᠭᠡ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠴᠢᠳᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂

ᠪᠥᠬᠦ ᠬᠤᠲᠠ ᠶᠢᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ

ᠬᠦᠴᠦᠯᠡᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠡᠮᠡᠭᠲᠡᠶᠢᠴᠦᠳ ᠤᠨ ᠠᠵᠢᠯ ᠳᠠᠬᠢ ᠤᠳᠤᠷᠢᠳᠤᠯᠭ᠎ᠠ

 ᠪᠠᠨ ᠴᠢᠩᠭᠠᠳᠬᠠᠨ ᠰᠠᠶᠢᠵᠢᠷᠠᠭᠤᠯᠵᠤ᠂ ᠡᠮᠡᠭᠲᠡᠶᠢᠴᠦᠳ ᠤᠨ ᠠᠵᠢᠯ ᠳᠠᠬᠢ ᠬᠦᠴᠢᠷᠳᠡᠯ ᠪᠠ ᠠᠰᠠᠭᠤᠳᠠᠯ ᠢ ᠴᠠᠭ

ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠢᠶᠠᠨ ᠵᠣᠬᠢᠶᠠᠨ

ᠪᠠᠶᠢᠭᠤᠯᠵᠤ ᠥᠷᠨᠢᠭᠦᠯᠬᠦ ᠶᠢ ᠶᠡᠭᠡ ᠪᠠᠷ ᠳᠡᠮᠵᠢᠬᠦ ᠬᠡᠷᠡᠭᠲᠡᠢ ᠬᠡᠵᠡᠢ᠃

     ᠸᠠᠩ ᠯᠢᠩ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠢ ᠲᠥᠯᠥᠭᠡᠯᠡᠨ

ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠵᠦ᠂ ᠮᠠᠨ ᠤ ᠬᠤᠲᠠ ᠶᠢᠨ ᠡᠮᠡᠭᠲᠡᠶᠢᠴᠦᠳ ᠤᠨ ᠠᠵᠢᠯ ᠪᠠ

ᠡᠮᠡᠭᠲᠡᠶᠢᠴᠦᠳ ᠤᠨ ᠦᠢᠯᠡᠰ ᠤᠨ ᠣᠯᠤᠭᠰᠠᠨ ᠠᠮᠵᠢᠯᠲᠠ ᠶᠢ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠦᠬᠠᠶ

ᠬᠤᠲᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠪᠣᠯᠤᠨ

ᠥᠷᠭᠡᠨ ᠣᠯᠠᠨ ᠡᠮᠡᠭᠲᠡᠶᠢᠴᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ

 ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠶᠡᠷᠦᠩᠬᠡᠶ ᠱᠦᠵᠢ

ᠰᠢ ᠶᠢᠨ ᠫᠢᠩ ᠤᠨ ︽ᠭᠤᠷᠪᠠ ᠶᠢ ᠴᠢᠬᠤᠯᠠᠴᠢᠯᠠᠬᠤ︾ ᠴᠢᠬᠤᠯᠠ ᠥᠭᠦᠯᠡᠯᠲᠡ ᠶᠢ ᠭᠦᠨᠵᠡᠭᠡᠶ ᠲᠣᠣᠱᠯᠠᠭᠤᠯᠤᠨ

ᠨᠠᠶᠢᠳᠠᠪᠤᠷᠢᠵᠢᠭᠤᠯᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠶᠯᠡᠴᠢᠯᠡᠬᠦ ᠶᠢ ᠪᠠᠷᠢᠮᠲᠠᠯᠠᠵᠤ᠂

ᠡᠮᠡᠭᠲᠡᠶᠢᠴᠦᠳ ᠲᠠᠢ ᠬᠠᠷᠢᠯᠴᠠᠬᠤ ᠪᠠ ᠲᠡᠳᠡᠨ ᠳᠤ ᠦᠶᠯᠡᠴᠢᠯᠡᠬᠦ ᠶᠢ ᠠᠵᠢᠯ ᠤᠨ ᠠᠮᠢᠨ ᠰᠤᠳᠠᠰᠤ ᠪᠠᠨ ᠪᠣᠯᠭᠠᠬᠤ ᠶᠢ

ᠪᠠᠷᠢᠮᠲᠠᠯᠠᠵᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠥᠭᠡᠷᠡᠴᠢᠯᠡᠯᠲᠡ ᠶᠢ ᠦᠷᠭᠦᠯᠵᠢᠯᠡᠨ

ᠭᠦᠨᠵᠡᠭᠡᠶᠢᠷᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠦᠬᠠᠶ ᠶᠢᠨ ᠡᠮᠡᠭᠲᠡᠶᠢᠴᠦᠳ ᠤᠨ ᠦᠶᠯᠡᠰ

ᠪᠣᠯᠤᠨ ᠡᠮᠡᠭᠲᠡᠶᠢᠴᠦᠳ ᠤᠨ ᠠᠵᠢᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠶ ᠬᠡᠵᠡᠢ᠃

     ᠶᠡᠭᠡ ᠬᠤᠷᠠᠯ ᠠᠴᠠ ᠬᠤᠲᠠ ᠶᠢᠨ ︽38︾ ᠤ ᠤᠯᠠᠭᠠᠨ ᠲᠤᠭᠴᠢ ︵ᠬᠠᠮᠲᠤ ᠨᠡᠶᠢᠲᠡ︶᠂ ᠡᠮᠡᠭᠳᠡᠶᠢᠴᠣᠳ

 ᠤᠨ ᠪᠣᠯᠪᠠᠰᠤᠨ ᠤ ᠪᠠᠶᠢᠷᠢ ᠪᠠ ᠡᠮᠡᠭᠳᠡᠶᠢᠴᠣᠳ ᠤᠨ ᠭᠠᠪᠢᠶ᠎ᠠ ᠪᠠᠶᠢᠭᠤᠯᠤᠭᠰᠠᠨ ᠳᠠᠭᠤᠷᠢᠶᠠᠯ ᠢ ᠬᠥᠬᠢᠭᠦᠯᠦᠨ

ᠰᠠᠶᠢᠰᠢᠶᠠᠵᠤ᠂ ᠬᠤᠲᠠ ᠶᠢᠨ ᠡᠮᠡᠭᠳᠡᠶᠢᠴᠣᠳ ᠤᠨ ᠬᠤᠯᠪᠣᠭ᠎ᠠ ᠶᠢᠨ ᠳᠣᠯᠣᠳᠤᠭᠠᠷ ᠬᠤᠭᠤᠴᠠᠭᠠᠨ ᠤ ᠭᠦᠢᠴᠡᠳᠬᠡᠬᠦ

ᠵᠥᠪᠯᠡᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠡᠳ᠂ ᠬᠤᠲᠠ ᠶᠢᠨ ᠡᠮᠡᠭᠳᠡᠶᠢᠴᠣᠳ ᠤᠨ

ᠬᠤᠯᠪᠣᠭ᠎ᠠ ᠶᠢᠨ ᠨᠠᠢᠮᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠢ ᠰᠣᠩᠭᠤᠨ ᠭᠠᠷᠭᠠᠵᠠᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号