︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ
ᠨᠡᠶᠢᠲᠡᠯᠡᠭᠰᠡᠨ ᠴᠠᠭ᠄
2021/1/14
     ᠠᠮᠢ ᠠᠬᠤᠶ ᠶᠢᠨ ᠶᠠᠰᠤ ᠴᠢᠨᠠᠷ ᠨᠠᠩ ᠥᠨᠳᠥᠷ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠤ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠢᠯᠡᠳᠲᠡ ᠦᠷ᠎ᠡ ᠪᠦᠲᠦᠮᠵᠢ ᠣᠯᠵᠣ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠨᠡᠩ ᠲᠡᠭᠦᠯᠳᠡᠷᠵᠢᠭᠦᠯᠵᠤ᠂ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠤᠨ ᠲᠤᠬᠢᠷᠠᠭᠤᠯᠤᠯᠳᠡ ᠶᠢ ᠨᠡᠩ ᠵᠦᠢ ᠵᠣᠬᠢᠰᠲᠠᠢ᠂ ᠡᠷᠭᠢᠯᠳᠦᠭᠦᠯᠦᠨ ᠠᠰᠢᠭᠯᠠᠬᠤ ᠦᠷ᠎ᠡ ᠪᠦᠲᠦᠮᠵᠢ ᠢᠯᠡᠳᠲᠡ ᠲᠡᠭᠡᠭᠰᠢᠯᠡᠬᠦ ᠶᠢ ᠪᠡᠶᠡᠯᠡᠬᠦᠯᠵᠦ᠂ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠪᠣᠬᠢᠷᠲᠤᠯ ᠢ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠣᠯ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠠᠮᠢ ᠠᠬᠤᠢ ᠶᠢᠨ ᠣᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠠᠮᠢ ᠠᠬᠤᠢ ᠶᠢᠨ ᠰᠢᠰᠲ᠋ᠧᠮ ᠢ ᠵᠠᠰᠠᠬᠤ ᠪᠠ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠵᠤ᠂ ᠬᠤᠲᠠ ᠬᠥᠳᠡᠭᠡ  ᠶᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠨᠠᠩ ᠭᠤᠶᠤ ᠪᠤᠯᠭᠠᠵᠤ᠂ ᠦᠵᠡᠰᠬᠦᠯᠡᠩᠲᠦ ᠰᠠᠶᠢᠬᠠᠨ ᠦᠬᠠᠶ  ᠶᠢᠨ ᠪᠥᠲᠥᠭᠡᠨ ᠪᠠᠶᠢᠭᠤᠯᠤᠯᠲᠠ ᠳᠤ ᠴᠢᠬᠤᠯᠠ ᠶᠡᠭᠡ ᠦᠷ᠎ᠡ ᠪᠦᠲᠦᠭᠡᠯ ᠣᠯᠣᠨ᠎ᠠ᠃ ᠬᠡᠯᠪᠡᠷᠢ ᠪᠠᠨ ᠬᠤᠪᠢᠷᠠᠭᠤᠯᠬᠤ ᠠᠯᠬᠤᠴᠠ ᠪᠠᠨ ᠨᠡᠩ ᠲᠦᠷᠭᠡᠨ ᠪᠤᠯᠭᠠᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ ᠴᠢᠩᠭᠠᠷᠠᠭᠤᠯᠵᠤ᠂ ᠠᠵᠤ ᠦᠢᠯᠡᠰ ᠤᠨ ᠰᠠᠭᠤᠷᠢ ᠶᠢᠨ ᠳᠡᠭᠡᠳᠦ ᠲᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠬᠦᠴᠦᠲᠡᠶ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠤᠢᠭᠡᠢ ᠣᠷᠳᠣᠳᠬᠠᠵᠤ᠂ ᠦᠢᠯᠡᠳᠬᠦᠨ ᠤ ᠨᠡᠮᠡᠯᠲᠡ ᠥᠷᠲᠡᠭ ᠢ ᠢᠯᠡᠳᠲᠡ ᠲᠡᠭᠡᠭᠰᠢᠯᠡᠬᠦᠯᠵᠦ᠂ ᠭᠤᠣᠯᠯᠠᠬᠤ ᠠᠵᠤ ᠦᠢᠯᠡᠰ ᠢ ᠨᠡᠩ ᠪᠣᠳᠠᠲᠤ ᠬᠦᠴᠦᠨ ᠲᠠᠢ᠂ ᠨᠡᠩ ᠳᠠᠯᠳᠠ ᠬᠦᠴᠦᠨ ᠲᠠᠢ ᠪᠤᠯᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶ᠎ᠡ ᠶᠢ ᠪᠦᠲᠦᠮᠵᠢᠲᠡᠶ ᠦᠷᠭᠡᠳᠬᠡᠵᠦ᠂ ᠣᠳᠣ ᠦᠶ᠎ᠡ  ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠬᠦᠭᠵᠢᠬᠦᠯᠵᠦ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠶᠡᠭᠡ ᠬᠡᠮᠵᠢᠶ᠎ᠡ ᠪᠠᠷ ᠲᠡᠭᠡᠭᠰᠢᠯᠡᠬᠦᠯᠵᠦ᠂ ᠲᠣᠭᠠᠴᠢᠯᠠᠭᠰᠠᠨ ᠠᠵᠤ ᠠᠬᠤᠶ ᠬᠢᠭᠡᠳ ᠪᠣᠳᠠᠲᠤ ᠴᠣᠭᠴᠠ  ᠶᠢᠨ ᠠᠵᠤ ᠠᠬᠤᠶ ᠶᠢ ᠭᠦᠨᠵᠡᠭᠡᠶ ᠠᠭᠤᠰᠤᠯᠴᠠᠭᠤᠯᠵᠤ᠂ ᠣᠨᠴᠠᠯᠢᠭᠲᠤ ᠲᠠᠷᠢᠶᠠᠯᠠᠩ ᠤᠨ ᠳᠠᠪᠠᠭᠤᠯᠢᠭ ᠢ ᠪᠠᠬᠢᠵᠢᠬᠦᠯᠦᠨ ᠦᠷᠭᠡᠳᠬᠡᠵᠦ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠬᠤᠯᠠ ᠶᠡᠭᠡ ᠠᠬᠢᠴᠠ ᠲᠠᠢ ᠪᠤᠯᠭᠠᠨ᠎ᠠ᠃ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠨᠡᠩ ᠭᠦᠢᠴᠡᠳ ᠪᠣᠯᠭᠠᠵᠤ ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠡᠯᠧᠮᠧᠨ᠋ᠲ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ  ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠡᠶᠢᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ  ᠶᠢᠨ ᠪᠠᠶᠢᠷᠢ ᠰᠠᠭᠤᠷᠢ ᠪᠠ ᠭᠤᠣᠯᠯᠠᠬᠤ ᠦᠢᠯᠡᠳᠦᠯ ᠢ ᠲᠠᠰᠤᠷᠠᠯᠳᠠ ᠦᠭᠡᠢ ᠴᠢᠩᠭᠠᠷᠠᠭᠤᠯᠤᠨ᠂ ᠰᠤᠳᠤᠯᠤᠨ ᠨᠡᠭᠡᠭᠡᠬᠦ ᠣᠷᠣᠭᠤᠯᠤᠯᠲᠠ ᠶᠢ ᠶᠡᠭᠡ ᠪᠠᠷ ᠨᠡᠮᠡᠭᠳᠡᠭᠦᠯᠵᠦ᠂ ᠰᠢᠨ᠎ᠡ ᠶᠢ ᠡᠭᠦᠳᠬᠦ ᠲᠠᠪᠴᠠᠩ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ︔ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠢ ᠠᠬᠢᠭᠤᠯᠵᠤ᠂ ᠭᠠᠳᠠᠭᠰᠢ ᠨᠡᠭᠡᠭᠡᠯᠲᠡ ᠬᠢᠬᠦ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠨ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠭᠴᠢ ᠬᠦᠴᠦᠨ ᠢ ᠪᠦᠲᠦᠮᠵᠢᠲᠡᠢ ᠪᠠᠷ ᠬᠤᠪᠢᠷᠠᠭᠤᠯᠤᠨ ᠴᠢᠩᠭᠠᠳᠬᠠᠨ᠎ᠠ᠃ ᠬᠤᠲᠠ ᠶᠢᠨ ᠴᠢᠳᠠᠮᠵᠢ ᠶᠢ ᠨᠡᠩ ᠴᠢᠩᠭ᠎ᠠ ᠪᠤᠯᠭᠠᠵᠤ᠂ ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯ ᠢ ᠡᠳᠦᠷ ᠢᠷᠡᠬᠦᠶ᠎ᠡ ᠵᠦᠢ ᠵᠣᠬᠢᠰᠲᠠᠶ ᠪᠤᠯᠭᠠᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠪᠡᠯᠡᠳᠬᠡᠮᠵᠢ ᠶᠢ ᠲᠠᠰᠤᠷᠠᠯᠲᠠ ᠤᠢᠭᠡᠢ ᠲᠡᠭᠦᠯᠳᠡᠷᠵᠢᠬᠦᠯᠦᠨ᠂ ᠭᠠᠵᠠᠷ ᠣᠷᠣᠨ ᠤ ᠳᠠᠭᠠᠭᠠᠬᠤ ᠴᠢᠳᠠᠪᠤᠷᠢ ᠶᠢ ᠠᠯᠬᠤᠮ ᠠᠯᠬᠤᠮ ᠢᠶᠠᠷ ᠲᠡᠭᠡᠭᠰᠢᠯᠡᠬᠦᠯᠦᠨ᠎ᠡ︔ ᠨᠡᠶᠢᠭᠡᠮ ᠵᠢᠷᠤᠮ ᠤᠨ ᠠᠷᠠᠳᠴᠢᠯᠠᠯ ᠬᠠᠤᠯᠢᠵᠢᠯ ᠢ ᠨᠡᠩ ᠪᠦᠷᠢᠨᠰᠢᠬᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠤᠯᠠᠮ ᠨᠢᠭᠡ ᠠᠯᠬᠤᠮ ᠢᠯᠡᠷᠡᠬᠦᠯᠵᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠪᠣᠯᠤᠨ ᠢᠲᠡᠭᠡᠭᠦᠯᠬᠦ ᠬᠦᠴᠦᠨ ᠢᠶᠠᠨ ᠢᠯᠡᠳᠲᠡ ᠳᠡᠭᠡᠭᠰᠢᠯᠡᠬᠦᠯᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠪᠠᠶᠢᠳᠠᠯ ᠢ ᠪᠠᠬᠢᠵᠢᠬᠦᠯᠦᠨ ᠬᠦᠭᠵᠢᠬᠦᠯᠵᠦ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠰᠢᠨ᠎ᠡ ᠰᠢᠪᠲᠤᠯᠤᠯᠲᠠ ᠲᠠᠢ ᠪᠤᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠪᠠᠨ ᠲᠠᠰᠤᠷᠠᠯᠳᠠ ᠦᠬᠡᠢ ᠪᠦᠷᠢᠨᠰᠢᠬᠦᠯᠵᠦ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠢᠯᠡᠳᠲᠡ ᠴᠢᠩᠭᠠᠷᠠᠭᠤᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠲᠦᠪᠰᠢᠨ ᠢᠶᠠᠨ ᠶᠡᠭᠡ ᠪᠠᠷ ᠳᠡᠭᠡᠭᠰᠢᠯᠡᠬᠦᠯᠵᠦ᠂ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠲᠦᠪᠰᠢᠨ ᠢᠶᠠᠨ ᠲᠠᠰᠤᠷᠠᠯᠳᠠ ᠦᠬᠡᠢ ᠳᠡᠭᠡᠭᠰᠢᠯᠡᠬᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠰᠢᠰᠲ᠋ᠧᠮ ᠤᠨ ᠪᠠᠶᠢᠭᠤᠯᠤᠯᠲᠠ ᠪᠠᠨ ᠴᠢᠨᠠᠭᠰᠢᠳᠠ ᠴᠢᠩᠭᠠᠷᠠᠭᠤᠯᠵᠤ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠪᠠᠨ ᠨᠡᠩ ᠬᠦᠴᠦᠲᠡᠢ ᠪᠤᠯᠭᠠᠨ᠎ᠠ᠃ ᠠᠮᠢᠳᠤᠷᠠᠯ ᠤᠨ ᠴᠢᠨᠠᠷ ᠴᠢᠨᠰᠠᠭ᠎ᠠ ᠶᠢ ᠨᠠᠩ ᠰᠢᠯᠢᠳᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠤᠨ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠪᠢᠶᠠᠷᠢᠯᠠᠯᠲᠠ ᠶᠢᠨ ᠪᠦᠲᠦᠴᠡ ᠶᠢ ᠨᠠᠩ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠨᠠᠩ ᠴᠢᠨᠠᠷ ᠰᠠᠶᠢᠲᠠᠶ ᠲᠡᠩᠴᠡᠭᠦᠷᠢᠲᠡᠶ ᠪᠣᠯᠭᠠᠵᠤ᠂ ᠠᠵᠢᠯ ᠣᠯᠭᠤᠯᠲᠠ ᠶᠢ ᠨᠠᠩ ᠭᠦᠶᠴᠡᠳ ᠨᠠᠩ ᠴᠢᠨᠠᠷ ᠰᠠᠶᠢᠲᠠᠶ ᠪᠣᠯᠭᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠴᠢᠯᠡᠭᠡᠨ ᠤ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠦᠨ᠎ᠡ︔ ᠤᠯᠠᠨ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨ ᠦᠨᠳᠦᠰᠦᠯᠡᠬᠦᠯᠦᠨ᠎ᠡ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号