1 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠷᠤᠪ ᠤᠨ ᠲᠤᠬᠤᠢ | ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠪᠦᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ᠃ | | 2020 ᠣᠨ ᠳᠤ᠂ ᠬᠠᠲᠠᠭᠤ ᠴᠢᠩᠭ᠎ᠠ ᠨᠠᠷᠢᠨ ᠪᠤᠳᠤᠯᠢᠶᠠᠨᠲᠠᠶ ᠭᠠᠳᠠᠭᠠᠳᠤ ᠣᠷᠴᠢᠨ ᠪᠣᠯᠤᠨ ᠬᠠᠲᠠᠭᠤ | ᠪᠡᠷᠬᠡ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠢᠯᠠᠩᠭᠤᠶ᠎ᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ | ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠲᠠ ᠶᠢᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠲᠤᠭᠤᠷᠢᠭ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ | ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠥᠬᠦ | ᠣᠷᠣᠨ ᠤ ᠡᠯ᠎ᠡ ᠵᠦᠶᠯ ᠤᠨ ᠠᠵᠢᠯ ᠦᠶᠯᠡᠰ ᠤᠨ ᠲᠠᠰᠤᠷᠠᠯᠲᠠ ᠥᠬᠡᠶ ᠰᠢᠨ᠎ᠡ ᠠᠬᠢᠴᠠ ᠲᠠᠢ ᠪᠣᠯᠬᠤ ᠶᠢ ᠠᠬᠢᠭᠤᠯᠪᠠ | ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ | ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠣᠯ᠄ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠣᠭᠠᠷ᠂ ᠲᠦᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ | ᠲᠤᠤᠱᠯᠠᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠦᠦ ᠫᠢᠩ ᠤᠨ | ᠤᠨᠦᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ | ᠤᠨ ᠦᠵᠡᠯ ᠰᠠᠨᠠᠭ᠎ᠠ ᠶᠢ ᠪᠠᠷᠢᠮᠳᠠᠯᠠᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ | ᠠᠷᠭ᠎ᠠ ᠪᠤᠳᠦᠯᠭ᠎ᠠ ᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ | ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠣ᠂ ᠠᠷᠠᠳ ᠲᠦᠮᠡᠨ | ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ | ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠤᠯᠭᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠤᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠤ᠂ ᠡᠷᠡᠰ ᠭᠤᠶᠢᠪᠢᠰᠢ ᠦᠭᠡᠢ ᠪᠠᠷ ᠠᠮᠢ | ᠠᠬᠤᠶ ᠶᠢ ᠤᠷᠢᠳ ᠢᠶᠠᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠥᠪᠡᠷᠲᠡᠭᠡᠨ ᠵᠠᠰᠠᠬᠤ | ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠥᠭᠦᠷᠭᠡᠨ ᠪᠠᠬᠢᠯᠡᠯᠲᠡ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠪᠥᠬᠦ ᠬᠤᠲᠠ ᠶᠢᠨ ᠠᠮᠢ ᠠᠬᠤᠶ ᠶᠢᠨ ᠶᠠᠰᠤ ᠴᠢᠨᠠᠷ ᠨᠠᠩ | ᠥᠨᠳᠥᠷ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠨᠠᠩ ᠲᠦᠷᠭᠡᠨ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ | ᠨᠠᠩ ᠭᠦᠶᠴᠡᠳ᠂ ᠬᠤᠲᠠ ᠶᠢᠨ ᠴᠢᠳᠠᠮᠵᠢ ᠨᠠᠩ ᠴᠢᠩᠭ᠎ᠠ᠂ ᠠᠮᠢᠳᠤᠷᠠᠯ ᠤᠨ ᠴᠢᠨᠠᠷ ᠴᠢᠨᠰᠠᠭ᠎ᠠ ᠨᠠᠩ ᠰᠢᠯᠢᠳᠡᠭ | ᠬᠥᠭᠵᠢᠯᠲᠡ ᠶᠢᠨ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠳᠠᠭᠠᠵᠤ ᠦᠶᠯᠡᠴᠢᠯᠡᠵᠤ᠂ ᠣᠳᠣᠬᠢᠴᠢᠯᠠᠭᠰᠠᠨ | ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠦᠢᠯᠡᠴᠢᠯᠡᠨ ᠠᠭᠤᠰᠣᠯᠴᠠᠵᠤ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠵᠠᠰᠠᠯᠲᠠ ᠶᠢᠨ | ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠮᠢ ᠠᠬᠤᠢ ᠶᠢᠨ ᠴᠢᠨᠠᠷ | ᠴᠢᠨᠰᠠᠭ᠎ᠠ ᠶᠢ ᠰᠢᠨ᠎ᠡ ᠲᠦᠪᠰᠢᠨ ᠳᠤ ᠬᠦᠷᠭᠡᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠵᠢᠯ ᠰᠢᠨ᠎ᠡ | ᠦᠷ᠎ᠡ ᠪᠦᠲᠦᠮᠵᠢ ᠣᠯᠬᠤ᠂ ᠬᠤᠲᠠ ᠬᠥᠳᠡᠭᠡ ᠶᠢᠨ ᠠᠭᠤᠰᠤᠯᠴᠠᠯ ᠰᠢᠨ᠎ᠡ ᠳᠡᠭᠲᠡᠷ ᠲᠤ ᠭᠠᠷᠬᠤ᠂ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠢ ᠨᠡᠩ ᠰᠢᠯᠢᠳᠡᠭᠵᠢᠬᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠢᠨ᠎ᠡ | ᠲᠦᠪᠰᠢᠨ ᠳᠤ ᠬᠦᠷᠭᠡᠬᠦ ᠶᠢ ᠴᠢᠷᠮᠠᠶᠢᠨ ᠪᠡᠶᠡᠯᠡᠬᠦᠯᠵᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ | ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠬᠠᠶᠢᠷᠤᠪ ᠤᠨ ᠲᠤᠬᠤᠢ | ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠪᠥᠬᠦᠳᠡ ᠬᠤᠷᠠᠯ ᠠᠴᠠ ᠪᠠᠰᠠ 2035 ᠣᠨ ᠤ ᠠᠯᠤᠰ ᠤᠨ ᠬᠠᠷᠠᠯᠲᠠ ᠶᠢ ᠳᠤᠷᠠᠳᠤᠨ ᠭᠠᠷᠭᠠᠪᠠ᠂ | ᠲᠤᠬᠠᠶᠢᠯᠠᠪᠠᠯ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠢ ᠶᠡᠭᠡ ᠪᠠᠷ ᠲᠡᠭᠡᠭᠰᠢᠯᠡᠬᠦᠯᠵᠦ᠂ ᠠᠵᠤ | ᠠᠬᠤᠶ ᠶᠢᠨ ᠶᠡᠷᠦᠩᠬᠡᠶ ᠬᠡᠮᠵᠢᠶ᠎ᠡ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠣᠷᠣᠯᠭ᠎ᠠ ᠶᠢ ᠳᠠᠬᠢᠨ ᠰᠢᠨ᠎ᠡ ᠳᠡᠭᠲᠡᠷ ᠲᠤ ᠭᠠᠷᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠪᠣᠳᠠᠲᠤ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ | ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ | ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠶᠡᠭᠡ ᠪᠠᠷ ᠲᠡᠭᠡᠭᠰᠢᠯᠡᠬᠦᠯᠦᠨ᠎ᠡ︔ ᠬᠤᠳᠠ ᠶᠢᠨ ᠬᠡᠪᠴᠢᠶᠡᠨ | ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠪᠠᠶᠢᠳᠠᠯ ᠢ ᠦᠷᠭᠦᠯᠵᠢᠯᠡᠨ ᠪᠠᠬᠢᠵᠢᠬᠦᠯᠵᠦ᠂ | ᠬᠠᠤᠯᠢᠵᠢᠭᠰᠠᠨ ᠬᠠᠶᠢᠷᠤᠪ ᠤᠨ ᠲᠤᠬᠤᠢ᠂ ᠠᠮᠤᠷ ᠠᠮᠤᠭᠤᠯᠠᠩ ᠬᠠᠶᠢᠷᠤᠪ ᠤᠨ ᠲᠤᠬᠤᠢ ᠶᠢᠨ ᠪᠦᠳᠦᠭᠡᠨ | ᠪᠠᠶᠢᠭᠤᠯᠤᠯᠲᠠ ᠶᠢ ᠨᠡᠩ ᠥᠨᠳᠥᠷ ᠲᠦᠪᠰᠢᠨ ᠳᠤ ᠬᠦᠷᠭᠡᠨ᠎ᠡ︔ ᠰᠣᠶᠣᠯ ᠤᠨ ᠵᠥᠭᠡᠯᠡᠨ ᠪᠣᠳᠠᠲᠤ ᠬᠦᠴᠦᠨ ᠢ | ᠢᠯᠡᠳᠲᠡ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠡᠪ ᠴᠢᠨᠠᠷ ᠪᠠ ᠨᠡᠶᠢᠭᠡᠮ ᠤᠨ | ᠪᠣᠯᠪᠠᠰᠤᠨ ᠤ ᠬᠡᠮᠵᠢᠶ᠎ᠡ ᠶᠢ ᠰᠢᠨ᠎ᠡ ᠦᠨᠳᠦᠷᠴᠡ ᠳᠤ ᠬᠦᠷᠭᠡᠨ᠎ᠡ︔ ᠣᠷᠣᠨ ᠪᠦᠰᠡ ᠶᠢᠨ ᠠᠮᠢ ᠠᠬᠤᠢ ᠶᠢᠨ ᠣᠷᠴᠢᠨ | ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ | ᠢ ᠨᠡᠶᠢᠳᠡᠮ ᠪᠤᠢ ᠪᠤᠯᠭᠠᠨ᠎ᠠ︔ ᠣᠷᠣᠨ ᠪᠦᠰᠡ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ | ᠭᠠᠳᠠᠭᠰᠢ ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠪᠦᠬᠦ ᠲᠠᠯ᠎ᠠ ᠪᠠᠷ ᠪᠦᠷᠢᠯᠳᠦᠬᠦᠯᠦᠨ᠎ᠡ︔ ᠬᠥᠮᠦᠨ ᠳᠤᠮᠳᠠᠴᠢ ᠶᠢᠨ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠢ ᠪᠦᠬᠦ ᠤᠯᠤᠰ ᠤᠨ ᠡᠮᠦᠨ᠎ᠡ ᠡᠩᠨᠡᠭᠡᠨ ᠳᠤ | ᠤᠷᠤᠭᠤᠯᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠪᠡᠶᠡᠯᠡᠭᠦᠯᠵᠦ᠂ | ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠥᠷᠢᠶ᠎ᠡ ᠪᠠ ᠰᠠᠭᠤᠭᠠᠯᠢ ᠠᠷᠠᠳ ᠤᠨ ᠠᠮᠢᠳᠤᠷᠠᠯ ᠤᠨ | ᠲᠦᠪᠰᠢᠨ ᠤ ᠵᠥᠷᠢᠶ᠎ᠡ ᠶᠢ ᠢᠯᠡᠳᠲᠡ ᠪᠠᠭᠠᠰᠬᠠᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠢ ᠢᠯᠡᠳᠲᠡ | ᠥᠷᠭᠡᠳᠬᠡᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ | ᠨᠡᠩ ᠢᠯᠡᠷᠬᠡᠢ ᠮᠥᠨ ᠴᠢᠨᠠᠷ ᠤᠨ ᠠᠬᠢᠯᠲᠠ ᠲᠠᠢ ᠪᠣᠯᠭᠠᠨ᠎ᠠ᠃ |