ᠦᠬᠠᠶ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ ᠬᠥᠮᠦᠰ ᠤᠨ ᠨᠡᠭᠦᠳᠡᠯ ᠴᠤᠭᠯᠠᠷᠠᠯ ᠢ ᠪᠠᠭᠠᠰᠬᠠᠬᠤ ᠲᠤᠬᠠᠶ ᠵᠠᠷᠯᠠᠯ | 1 ᠳ᠋ᠦ᠋ᠭᠡᠷ ᠲᠤᠭᠠᠲᠤ | | ᠣᠳᠣᠬᠠᠨ ᠳᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠪᠠᠶᠢᠳᠠᠯ ᠮᠥᠨ ᠬᠦ | ᠦᠷᠭᠦᠯᠵᠢᠯᠡᠵᠦ᠂ ᠤᠯᠤᠰ ᠤᠨ ᠳᠣᠲᠣᠭᠠᠳᠤ ᠶᠢᠨ ᠤᠯᠠᠨ ᠭᠠᠵᠠᠷ ᠲᠤ ᠤᠯᠠᠨ ᠴᠢᠭ ᠢᠶᠠᠷ ᠲᠠᠷᠬᠠᠨ ᠳᠡᠯᠭᠡᠷᠡᠬᠦ | ᠪᠠᠶᠢᠳᠠᠯ ᠵᠢᠴᠢ ᠬᠡᠰᠡᠭ ᠭᠠᠵᠠᠷ ᠲᠤ ᠲᠥᠪᠯᠡᠷᠡᠬᠦ ᠴᠢᠨᠠᠷᠲᠠᠢ ᠬᠢᠵᠢᠭ ᠤᠨ ᠪᠠᠶᠢᠳᠠᠯ ᠢᠯᠡᠷᠡᠵᠦ᠂ ᠪᠡᠭᠡᠵᠢᠩ ᠬᠤᠳᠠ᠂ | ᠯᠢᠶᠣᠤᠨᠢᠩ ᠮᠤᠵᠢ᠂ ᠬᠠᠷᠠᠮᠥ᠋ᠷᠡᠨ ᠮᠤᠵᠢ᠂ ᠾᠧᠪᠸᠢ ᠮᠤᠵᠢ ᠵᠡᠷᠭᠡ ᠤᠯᠠᠨ ᠭᠠᠵᠠᠷ ᠤᠨ 50 ᠰᠢᠶᠠᠩ ᠪᠠᠯᠭᠠᠰᠤ᠂ | ᠵᠡᠭᠡᠯᠢ ᠭᠤᠳᠤᠮᠵᠢ ᠵᠢᠴᠢ ᠰᠠᠭᠤᠭᠠᠯᠢ ᠠᠷᠠᠳ ᠤᠨ ᠲᠣᠭᠤᠷᠢᠭ ᠢ ᠳᠤᠮᠳᠠ᠂ ᠦᠨᠳᠦᠷ ᠠᠶᠤᠯ ᠲᠦᠭᠰᠢᠭᠦᠷᠢ ᠲᠠᠢ | ᠭᠠᠵᠠᠷ ᠣᠷᠣᠨ ᠢᠶᠠᠷ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ | ᠨᠣᠴᠢᠲᠠᠢ ᠨᠠᠷᠢᠨ ᠪᠤᠳᠤᠯᠢᠶᠠᠨᠲᠠᠢ ᠪᠤᠯᠵᠠᠢ᠃ ᠪᠠᠶᠠᠷ ᠳᠤᠷᠠᠰᠬᠠᠯ ᠤᠨ ᠡᠳᠦᠷ᠂ ᠴᠠᠭᠠᠨ ᠰᠠᠷ᠎ᠠ ᠶᠢᠨ ᠵᠥᠭᠡᠭᠡᠪᠦᠷᠢ | ᠣᠶᠢᠷᠠᠳᠬᠤ ᠶᠢ ᠳᠠᠭᠠᠯᠳᠤᠨ᠂ ᠬᠥᠮᠦᠨ᠂ ᠪᠣᠳᠠᠰ ᠤᠨ ᠭᠦᠶᠯᠭᠡᠭᠡᠨ ᠤ ᠴᠤᠭᠯᠠᠷᠠᠯ ᠣᠯᠠᠰᠢᠷᠠᠵᠤ᠂ ᠮᠠᠨ ᠤ ᠬᠤᠲᠠ | ᠶᠢᠨ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠠᠶᠤᠯ ᠲᠦᠭᠰᠢᠭᠦᠷᠢ ᠨᠡᠮᠡᠭᠳᠡᠪᠡ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠥᠷᠭᠡᠨ ᠣᠯᠠᠨ ᠬᠤᠲᠠ ᠶᠢᠨ ᠠᠷᠠᠳ ᠤᠨ ᠠᠮᠤᠷ ᠠᠮᠤᠭᠤᠯᠠᠩ᠂ ᠡᠷᠡᠭᠦᠯ ᠮᠡᠨᠳᠦ᠂ ᠡᠶ᠎ᠡ ᠨᠠᠶᠢᠷᠠᠮᠳᠠᠭᠤ ᠪᠠᠶᠠᠷ ᠤᠨ | ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ | ᠮᠡᠲᠦ ᠮᠡᠳᠡᠭᠳᠡᠶ᠎ᠡ᠄ | | ᠨᠢᠭᠡ᠂ ᠬᠥᠮᠦᠨ ᠬᠠᠷ᠎ᠠ ᠶᠢᠨ ᠰᠢᠯᠵᠢᠯᠲᠡ ᠶᠢ ᠪᠠᠭᠠᠰᠬᠠᠵᠤ᠂ ᠬᠤᠲᠠ ᠶᠢᠨ ᠠᠷᠠᠳ ᠤᠨ ᠭᠠᠳᠠᠭᠰᠢ ᠭᠠᠷᠬᠤ | ᠶᠢ ᠵᠦᠶ ᠵᠣᠬᠢᠰᠲᠠᠶ ᠲᠣᠬᠢᠷᠠᠭᠤᠯᠬᠤ ᠶᠢ ᠰᠠᠨᠠᠭᠠᠴᠢᠯᠠᠨ᠎ᠠ | 1 . ᠥᠷᠭᠡᠨ ᠣᠯᠠᠨ ᠬᠤᠲᠠ ᠶᠢᠨ ᠠᠷᠠᠳ ᠴᠢᠬᠤᠯᠠᠴᠢᠯᠠᠭ᠎ᠠ ᠦᠭᠡᠢ ᠪᠤᠯ ᠭᠠᠳᠠᠭᠰᠢ ᠦᠯᠦ ᠭᠠᠷᠬᠤ ᠶᠢ | ᠰᠠᠨᠠᠭᠠᠴᠢᠯᠠᠵᠤ᠂ ᠦᠨᠡᠬᠡᠷ ᠭᠠᠳᠠᠭᠰᠢ ᠭᠠᠷᠬᠤ ᠴᠢᠬᠤᠯᠠᠲᠠᠶ ᠪᠣᠯ᠂ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠤᠨ | ᠲᠦᠭᠰᠢᠭᠦᠷᠢ ᠶᠢᠨ ᠲᠠᠰ ᠢ ᠪᠠᠶᠢᠴᠠᠭᠠᠨ ᠯᠠᠪᠯᠠᠬᠤ ᠶᠢ ᠠᠩᠬᠠᠷᠴᠤ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ | ᠪᠠᠨ ᠪᠥᠬᠦ ᠶᠠᠪᠤᠴᠠ ᠳᠤ ᠰᠠᠶᠢᠲᠤᠷ ᠬᠢᠵᠦ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ᠃ ᠬᠢᠯᠢ ᠶᠢᠨ ᠭᠠᠳᠠᠨ᠎ᠠ ᠪᠠ ᠬᠢᠵᠢᠭ ᠤᠨ ᠪᠠᠶᠢᠳᠠᠯ ᠤᠨ ᠳᠤᠮᠳᠠ᠂ | ᠦᠨᠳᠦᠷ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠬᠦ ᠬᠡᠷᠡᠭᠲᠡᠶ᠂ ᠬᠡᠷᠪᠡ ᠦᠨᠡᠬᠡᠷ | ᠣᠨᠴᠠᠭᠠᠶ ᠰᠢᠯᠲᠠᠭᠠᠨ ᠠᠴᠠ ᠪᠣᠯᠵᠣ ᠬᠢᠯᠢ ᠶᠢᠨ ᠭᠠᠳᠠᠨ᠎ᠠ ᠪᠠ ᠳᠤᠮᠳᠠ᠂ ᠦᠨᠳᠦᠷ ᠠᠶᠤᠯ ᠲᠦᠭᠰᠢᠭᠦᠷᠢ ᠲᠠᠢ ᠭᠠᠵᠠᠷ | ᠣᠷᠣᠨ ᠳᠤ ᠣᠴᠢᠬᠤ ᠬᠥᠮᠦᠰ ᠭᠠᠳᠠᠭᠰᠢ ᠶᠠᠪᠤᠬᠤ ᠠᠴᠠ ᠪᠠᠨ ᠡᠮᠦᠨ᠎ᠡ ᠪᠠᠶᠢᠭ᠎ᠠ ᠨᠡᠶᠢᠭᠡᠮ ᠲᠣᠭᠤᠷᠢᠭ ᠲᠠᠭᠠᠨ | ᠳᠠᠩᠰᠠᠯᠠᠭᠤᠯᠵᠤ᠂ ᠪᠠᠶᠢᠭ᠎ᠠ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠵᠤ᠂ ᠪᠤᠴᠠᠵᠤ ᠢᠷᠡᠭᠰᠡᠨ ᠤ ᠳᠠᠷᠠᠭ᠎ᠠ ᠲᠡᠷᠡ | ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ | 2 . ᠡᠮᠨᠡᠯᠭᠡ ᠶᠢᠨ ᠠᠵᠢᠯᠲᠠᠨ᠂ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠂ ᠴᠡᠴᠡᠷᠯᠢᠭ | ᠤᠨ ᠬᠡᠦᠬᠡᠳ ᠵᠡᠷᠭᠡ ᠣᠨᠴᠠᠭᠠᠶ ᠬᠥᠮᠦᠰ ᠴᠢᠬᠤᠯᠠᠴᠢᠯᠠᠭ᠎ᠠ ᠦᠭᠡᠢ ᠪᠤᠯ ᠦᠬᠠᠶ ᠠᠴᠠ ᠭᠠᠷᠬᠤ ᠦᠭᠡᠢ᠃ ᠶᠡᠭᠡ | ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠠᠵᠤ ᠠᠬᠤᠶᠢᠯᠠᠯ ᠨᠢ ᠣᠷᠭᠢᠯ | ᠤᠨ ᠬᠤᠭᠤᠴᠠᠭ᠎ᠠ ᠶᠢ ᠵᠥᠷᠢᠭᠦᠯᠦᠨ ᠴᠢᠯᠥᠭᠡ ᠲᠠᠯᠪᠢᠵᠤ᠂ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠠᠵᠢᠯᠲᠠᠨ | ᠢᠶᠠᠨ ᠵᠣᠬᠢᠶᠠᠨ ᠪᠠᠶᠢᠭᠤᠯᠤᠨ ᠴᠢᠯᠥᠭᠡ ᠲᠠᠯᠪᠢᠵᠤ ᠰᠤᠷᠭᠠᠭᠤᠯᠢ ᠠᠴᠠ ᠪᠠᠨ ᠬᠠᠷᠢᠬᠤ᠂ ᠰᠤᠷᠭᠠᠭᠤᠯᠢ ᠡᠬᠢᠯᠡᠵᠦ | ᠰᠤᠷᠭᠠᠭᠤᠯᠢ ᠳᠠᠭᠠᠨ ᠪᠤᠴᠠᠬᠤ᠂ ᠨᠤᠲᠤᠭ ᠲᠠᠭᠠᠨ ᠪᠤᠴᠠᠵᠤ ᠠᠵᠢᠯ ᠤᠨ ᠪᠠᠶᠢᠷᠢ ᠳᠠᠭᠠᠨ ᠪᠤᠴᠠᠬᠤ ᠬᠡᠷᠡᠭᠲᠡᠶ᠃ | ᠨᠠᠰᠤᠲᠠᠶᠢᠴᠤᠳ᠂ ᠤᠳᠠᠭᠠᠨ ᠴᠢᠨᠠᠷᠲᠠᠶ ᠡᠪᠡᠳᠴᠢᠲᠡᠨ᠂ ᠵᠢᠷᠮᠦᠰᠦᠨ ᠡᠮᠡᠭᠲᠡᠶ ᠵᠡᠷᠭᠡ ᠬᠥᠮᠦᠰ ᠲᠤ ᠭᠠᠳᠠᠭᠰᠢ ᠭᠠᠷᠬᠤ | ᠠᠵᠢᠯᠯᠠᠭ᠎ᠠ ᠲᠣᠬᠢᠷᠠᠭᠤᠯᠬᠤ ᠥᠬᠡᠶ ᠪᠠᠶᠢᠬᠤ ᠶᠢ ᠰᠠᠨᠠᠭᠤᠯᠤᠶ᠎ᠠ᠃ | | ᠬᠤᠶᠠᠷ᠂ ᠬᠥᠮᠦᠨ ᠬᠠᠷ᠎ᠠ ᠴᠤᠭᠯᠠᠷᠠᠬᠤ ᠶᠢ ᠪᠠᠭᠠᠰᠬᠠᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ | 1 . ᠴᠤᠭᠯᠠᠷᠠᠬᠤ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠵᠤ᠂ ᠭᠡᠷ ᠪᠦᠯᠢ ᠶᠢᠨ ᠬᠤᠪᠢ ᠬᠥᠮᠦᠨ ᠤ | ᠬᠤᠷᠠᠵᠤ ᠬᠤᠭᠤᠯᠠᠯᠠᠬᠤ ᠶᠢ ᠰᠠᠨᠠᠭᠠᠴᠢᠯᠠᠬᠤ ᠵᠡᠷᠭᠡ ᠶᠢ 10 ᠬᠥᠮᠦᠨ ᠠᠴᠠ ᠳᠣᠷᠣᠭᠰᠢ ᠬᠢᠵᠠᠭᠠᠷᠯᠠᠵᠤ᠂ ᠬᠤᠪᠢ | ᠬᠥᠮᠦᠨ ᠤ ᠰᠡᠷᠭᠡᠶᠢᠯᠡᠯᠲᠡ ᠪᠠᠨ ᠰᠠᠶᠢᠲᠤᠷ ᠬᠢᠵᠦ᠂ ᠬᠠᠯᠳᠠᠪᠤᠷᠢᠲᠤ ᠲᠠᠭᠰᠢᠭᠤᠷ ᠵᠡᠷᠭᠡ ᠡᠪᠡᠳᠴᠢᠨ ᠤ ᠢᠯᠡᠷᠡᠯ | ᠭᠠᠷᠪᠠᠯ ᠠᠯᠢ ᠴᠢᠳᠠᠬᠤ ᠪᠠᠷ ᠣᠷᠣᠯᠴᠠᠬᠤ ᠦᠭᠡᠶ ᠪᠠᠶᠢᠬᠤ ᠬᠡᠷᠡᠭᠲᠡᠶ᠃ | 2 . ᠬᠤᠳᠠᠯᠳᠤᠭᠠᠨ ᠤ ᠲᠠᠯᠠᠪᠤᠷ᠂ ᠴᠢᠯᠤᠭᠡᠲᠤ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠡᠷᠭᠡ | ᠲᠠᠯᠠᠪᠤᠷ ᠭᠠᠵᠠᠷ ᠲᠤ᠂ ᠬᠤᠳᠠᠯᠳᠤᠨ ᠠᠪᠤᠭᠴᠢᠳ ᠲᠤ ᠦᠪᠡᠰᠦᠪᠡᠨ ᠦᠢᠯᠡᠴᠢᠯᠡᠵᠦ ᠪᠠᠷᠠᠭ᠎ᠠ ᠬᠤᠳᠠᠯᠳᠤᠨ ᠠᠪᠴᠤ | ᠳ᠋ᠦᠩᠨᠡᠨ ᠪᠤᠳᠤᠬᠤ ᠶᠢ ᠲᠠᠨᠢᠯᠴᠠᠭᠤᠯᠵᠤ᠂ ᠮᠥᠷᠯᠡᠨ ᠬᠦᠯᠢᠶᠡᠬᠦ ᠴᠠᠭ ᠢ ᠪᠤᠭᠤᠨᠢᠰᠬᠠᠬᠤ ᠬᠡᠷᠡᠭᠳᠡᠢ᠃ ᠲᠠᠯᠠᠪᠤᠷ ᠲᠠᠬᠢ | ᠦᠷᠭᠦᠯᠵᠢ ᠣᠶᠢᠷᠠᠲᠤᠳᠠᠭ ᠣᠯᠠᠨ ᠨᠡᠶᠢᠲᠡ ᠶᠢᠨ ᠬᠡᠷᠡᠭᠰᠡᠯ ᠪᠣᠯᠤᠨ ᠪᠡᠯᠡᠳᠬᠡᠮᠵᠢ ᠶᠢ ᠠᠷᠢᠭᠤᠳᠬᠠᠨ ᠴᠡᠪᠡᠷᠯᠡᠬᠦ ᠠᠵᠢᠯ | ᠢᠶᠠᠨ ᠰᠠᠶᠢᠲᠤᠷ ᠬᠢᠵᠦ᠂ ᠬᠡᠷ ᠳᠣᠲᠣᠷ᠎ᠠ ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢ ᠪᠠᠲᠤᠯᠠᠨ᠂ ︽ᠨᠢᠭᠡ ᠮᠧᠲᠷ | ᠤᠨ ᠱᠤᠭᠤᠮ︾ ᠳᠣᠭᠢᠷᠠᠭᠤᠯᠵᠤ᠂ ᠦᠢᠯᠡᠴᠢᠯᠡᠬᠦ ᠠᠵᠢᠯᠳᠠᠨ᠂ ᠬᠤᠳᠠᠯᠳᠣᠨ ᠠᠪᠤᠭᠴᠢᠳ ᠢ ᠠᠮᠠᠪᠴᠢ ᠵᠡᠭᠦᠵᠦ᠂ | ᠠᠮᠤᠷ ᠲᠦᠪᠰᠢᠨ ᠤ ᠵᠠᠶ ᠲᠠᠢ ᠪᠠᠶᠢᠯᠭᠠᠬᠤ ᠶᠢ ᠰᠢᠮᠳᠠᠭᠤᠯᠬᠤ ᠬᠡᠷᠡᠭᠲᠡᠶ᠃ | 3. ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠳᠡᠭᠡ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ | ᠶᠢᠨ ᠥᠷᠳᠡᠭᠡ ᠨᠦᠭᠦᠳ ᠲᠤ ᠣᠷᠣᠵᠤ ᠭᠠᠷᠬᠤ ᠠᠶᠠᠨᠴᠢᠳ ᠤᠨ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠨᠢ | ᠬᠡᠮᠵᠢᠬᠦ᠂ ᠡᠷᠡᠭᠦᠯ ᠮᠡᠨᠳᠤ ᠶᠢᠨ ᠺᠣᠳ᠋ ᠢ ᠨᠢ ᠪᠠᠶᠢᠴᠠᠭᠠᠨ ᠰᠢᠯᠭᠠᠵᠤ ᠨᠡᠪᠲᠡᠷᠡᠬᠦ ᠲᠥᠷᠢᠮ ᠢ ᠴᠢᠩᠭ᠎ᠠ ᠬᠡᠷᠡᠭᠵᠢᠭᠦᠯᠵᠦ᠂ | ᠠᠶᠠᠨᠴᠢᠳ ᠤᠨ ᠴᠤᠪᠤᠷᠠᠯ ᠤᠨ ᠡᠭᠡᠯᠵᠢ ᠤᠳᠠᠭ᠎ᠠ ᠶᠢ ᠲᠤᠬᠢᠷᠠᠭᠤᠯᠤᠨ ᠡᠵᠡᠮᠳᠡᠬᠦ ᠪᠠᠨ ᠴᠢᠩᠭᠠᠳᠬᠠᠵᠤ᠂ ᠬᠦᠯᠢᠶᠡᠨ | ᠮᠥᠷᠯᠡᠬᠦ ᠴᠠᠭ ᠢ ᠪᠠᠭᠠᠰᠬᠠᠨ᠂ ᠬᠥᠮᠦᠰ ᠤᠨ ᠨᠢᠭᠲᠠᠴᠠ ᠶᠢ ᠦᠨᠡᠨᠬᠦ ᠪᠠᠭᠤᠷᠠᠭᠤᠯᠬᠤ ᠬᠡᠷᠡᠭᠲᠡᠢ᠃ ᠠᠶᠠᠨᠴᠢᠳ | ᠠᠷᠠᠳ ᠢᠷᠭᠡᠳ ᠤᠨ ᠬᠠᠷᠢᠭᠤᠴᠠᠯᠭ᠎ᠠ ᠪᠣᠯᠤᠨ ᠡᠭᠦᠷᠭᠡ ᠪᠠᠨ ᠭᠦᠢᠴᠡᠳᠬᠡᠵᠦ᠂ ᠵᠠᠮ ᠬᠠᠷᠢᠯᠴᠠᠭᠠᠨ ᠤ ᠲᠠᠯᠠᠪᠤᠷ | ᠥᠷᠲᠡᠭᠡ ᠶᠢᠨ ᠠᠵᠢᠯᠲᠠᠨ ᠲᠠᠢ ᠬᠠᠮᠵᠢᠯᠴᠠᠨ ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | 4. ᠬᠤᠳᠠᠯᠳᠤᠭᠠᠨ ᠤ ᠲᠠᠯᠠᠪᠠᠢ᠂ KTV᠂ ᠠᠷᠢᠬᠢᠨ ᠪᠠᠭᠠᠷ᠂ ᠰᠦᠯᠵᠢᠶᠡᠨ ᠤ ᠪᠠᠭᠠᠷ ᠵᠡᠷᠭᠡ ᠰᠣᠶᠣᠯ ᠨᠠᠶᠢᠷ | ᠨᠠᠭᠠᠳᠤᠮ ᠤᠨ ᠭᠠᠵᠠᠷ ᠵᠢᠴᠢ ᠺᠢᠨᠣ᠋ ᠶᠢᠨ ᠲᠢᠶᠠᠲᠷ᠂ ᠨᠣᠮ ᠤᠨ ᠰᠠᠩ᠂ ᠮᠦᠽᠧᠢ᠂ ᠪᠡᠶ᠎ᠡ ᠲᠠᠮᠢᠷ ᠤᠨ ᠣᠷᠳᠣᠨ | ᠵᠡᠷᠭᠡ ᠨᠢᠭᠲᠠ ᠪᠢᠲᠡᠭᠦᠮᠵᠢᠯᠡᠭᠰᠡᠨ ᠭᠠᠵᠠᠷ ᠲᠠᠯᠠᠪᠤᠷ ᠤᠨ ᠤᠷᠢᠳᠴᠢᠯᠠᠨ ᠪᠣᠯᠵᠣᠵᠤ ᠬᠥᠮᠦᠨ ᠤ ᠴᠤᠪᠤᠷᠠᠯ ᠢ | ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠮᠦᠨ ᠤ ᠴᠤᠪᠤᠷᠠᠯ ᠢ ᠬᠢᠨᠠᠨ ᠲᠣᠭᠲᠠᠭᠠᠭᠰᠠᠨ | ᠬᠥᠮᠦᠨ ᠤ ᠲᠤᠭ᠎ᠠ ᠶᠢᠨ 75% ᠠᠴᠠ ᠳᠠᠪᠠᠭᠤᠯᠵᠤ ᠪᠣᠯᠬᠤ ᠥᠭᠡᠢ᠃ ᠵᠣᠴᠢᠳ ᠤᠨ ᠪᠠᠭᠤᠳᠠᠯ᠂ ᠪᠠᠭᠤᠳᠠᠯ ᠵᠡᠷᠭᠡ | ᠬᠤᠨᠣᠭᠯᠠᠬᠤ ᠭᠠᠵᠠᠷ ᠤᠨ ᠬᠢᠨ ᠣᠷᠣᠵᠤ ᠰᠠᠭᠤᠭᠰᠠᠨ ᠬᠥᠮᠦᠰ ᠤᠨ ᠦᠨᠡᠨ ᠨᠡᠷ᠎ᠡ ᠪᠠᠷ ᠳᠡᠩᠰᠡᠯᠡᠨ ᠲᠡᠮᠳᠡᠭᠯᠡᠬᠦ᠂ | ᠪᠡᠶ᠎ᠡ ᠶᠢᠨ ᠬᠠᠯᠠᠭᠤᠨ ᠢ ᠨᠢ ᠬᠡᠮᠵᠢᠬᠦ ᠵᠢᠴᠢ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠪᠠᠶᠢᠴᠠᠭᠠᠨ | ᠰᠢᠯᠭᠠᠬᠤ ᠶᠢ ᠰᠠᠶᠢᠲᠤᠷ ᠬᠢᠵᠦ᠂ ᠳᠤᠮᠳᠠ᠂ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠪᠤᠴᠠᠵᠤ | ᠢᠷᠡᠭᠰᠡᠨ ᠬᠥᠮᠦᠰ ᠪᠣᠯᠤᠨ ᠪᠡᠶ᠎ᠡ ᠶᠢᠨ ᠬᠠᠯᠠᠭᠤᠨ ᠨᠢ 37.3℃ ᠢ ᠳᠠᠪᠠᠭᠰᠠᠨ ᠬᠥᠮᠦᠰ ᠢ ᠣᠯᠵᠤ ᠮᠡᠳᠡᠪᠡᠯ᠂ | ᠳᠠᠷᠤᠶ ᠲᠦᠷᠭᠡᠨ ᠲᠠᠰ ᠳᠠᠷᠠᠭᠠᠯᠠᠯ ᠶᠣᠰᠣᠭᠠᠷ ᠮᠡᠳᠡᠭᠦᠯᠬᠦ ᠬᠡᠷᠡᠭᠲᠡᠶ᠃ ᠡᠮ ᠤᠨ ᠳᠡᠯᠭᠡᠭᠦᠷ ᠬᠠᠯᠠᠭᠤᠨ ᠢ | ᠪᠠᠭᠤᠷᠠᠭᠤᠯᠵᠤ ᠬᠠᠨᠢᠶᠠᠳᠤ ᠶᠢ ᠵᠣᠭᠰᠣᠭᠠᠬᠤ ᠡᠮ ᠬᠤᠳᠠᠯᠳᠤᠨ ᠠᠪᠤᠭᠰᠠᠨ ᠬᠥᠮᠦᠰ ᠢ ᠦᠨᠡᠨ ᠨᠡᠷ᠎ᠡ ᠪᠠᠷ ᠨᠢ | ᠳᠠᠩᠰᠠᠯᠠᠨ ᠲᠡᠮᠳᠡᠭᠯᠡᠵᠦ ᠬᠠᠯᠠᠭᠤᠨ ᠢ ᠨᠢ ᠬᠡᠮᠵᠢᠬᠦ ᠬᠡᠷᠡᠭᠲᠡᠶ᠂ ᠬᠡᠷᠪᠡ ᠪᠡᠶ᠎ᠡ ᠶᠢᠨ ᠬᠠᠯᠠᠭᠤᠨ ᠨᠢ 37.3℃ ᠠᠴᠠ | ᠬᠡᠲᠦᠷᠡᠭᠰᠡᠨ ᠪᠠᠶᠢᠪᠠᠯ ᠲᠡᠷᠡ ᠳᠠᠷᠤᠶ ᠳᠤᠨᠢ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠬᠦ ᠬᠡᠷᠡᠭᠲᠡᠶ᠃ ᠨᠠᠰᠤᠵᠢᠯ ᠤᠨ | ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ᠂ ᠬᠢᠨᠠᠨ ᠬᠠᠮᠢᠶᠠᠷᠬᠤ ᠪᠠᠶᠢᠭᠤᠯᠤᠮᠵᠢ ᠵᠡᠷᠭᠡ ᠤᠨᠴᠠᠭᠠᠢ ᠭᠠᠵᠠᠷ | ᠲᠠᠯᠠᠪᠤᠷ ᠢ ᠪᠢᠲᠡᠭᠦᠮᠵᠢᠯᠡᠨ ᠬᠠᠮᠢᠶᠠᠷᠬᠤ ᠶᠢ ᠨᠠᠶᠢᠳᠠᠪᠤᠷᠢᠵᠢᠭᠤᠯᠵᠤ᠂ ᠡᠷᠭᠢᠵᠦ ᠦᠵᠡᠬᠦ ᠳᠦᠷᠢᠮ ᠢ ᠴᠢᠩᠳᠠᠯᠠᠬᠤ | ᠬᠡᠷᠡᠭᠲᠡᠶ᠃ | 5 . ᠪᠣᠶ ᠪᠥᠬᠦᠶ ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠬᠦ᠂ ᠺᠣᠳ᠋ ᠰᠢᠷᠪᠢᠵᠦ ᠬᠠᠯᠠᠭᠤᠨ ᠢ ᠨᠢ | ᠬᠡᠮᠵᠢᠬᠦ᠂ ︽ᠨᠢᠭᠡ ᠮᠧᠲᠷ ᠤᠨ ᠱᠤᠭᠤᠮ︾᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠬᠢᠵᠢᠭ ᠢ ᠰᠡᠷᠭᠡᠶᠢᠯᠡᠨ | ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠪᠦᠷᠢ | ᠠᠷᠢᠭᠤᠳᠬᠠᠵᠤ᠂ ᠬᠤᠭ ᠨᠣᠪᠰᠢ ᠶᠢ ᠰᠠᠶᠢᠲᠤᠷ ᠰᠢᠶᠳᠪᠦᠷᠢᠯᠡᠬᠦ ᠬᠡᠷᠡᠭᠲᠡᠶ᠃ | | ᠭᠤᠷᠪᠠ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠬᠠᠯᠳᠠᠪᠤᠷᠢᠯᠠᠬᠤ ᠲᠦᠭᠰᠢᠭᠦᠷᠢ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠶ | 1 . ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ | ᠴᠤᠭᠯᠠᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠨᠡᠶᠢᠭᠡᠮ ᠤᠨ ᠬᠠᠷᠢᠯᠴᠠᠭᠠᠨ ᠤ ᠵᠠᠶ ᠵᠡᠷᠭᠡ ᠰᠠᠶᠢᠨ ᠰᠠᠶᠢᠬᠠᠨ | ᠡᠷᠡᠭᠦᠯ ᠬᠠᠮᠠᠭᠠᠯᠠᠯ ᠤᠨ ᠳᠠᠳᠬᠠᠯ ᠢ ᠪᠠᠲᠤᠯᠠᠬᠤ ᠬᠡᠷᠡᠭᠲᠡᠶ᠃ ᠪᠡᠶ᠎ᠡ ᠳᠡᠭᠡᠨ ᠰᠡᠷᠭᠡᠶᠢᠯᠡᠨ ᠬᠠᠮᠠᠭᠠᠯᠠᠬᠤ ᠠᠮᠠᠪᠴᠢ | ᠪᠡᠯᠡᠳᠬᠡᠵᠦ᠂ ᠣᠯᠠᠨ ᠨᠡᠶᠢᠲᠡ ᠶᠢᠨ ᠲᠠᠯᠠᠪᠤᠷ ᠲᠤ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠠᠮᠠᠪᠴᠢ ᠵᠡᠬᠦᠬᠦ | ᠬᠡᠷᠡᠭᠳᠡᠢ᠃ ᠨᠢᠰᠬᠡᠯ᠂ ᠭᠠᠯᠲᠤ ᠲᠡᠷᠭᠡ ᠪᠤᠶᠤ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠳᠠᠭᠠᠨ ᠠᠮᠠᠪᠴᠢ ᠵᠡᠭᠦᠬᠦ | ᠬᠡᠷᠡᠭᠲᠡᠶ᠂ ᠴᠢᠬᠤᠯᠠᠴᠢᠯᠠᠭ᠎ᠠ ᠦᠭᠡᠢ ᠢᠳᠡᠭᠡᠨ ᠢᠳᠡᠬᠦ ᠠᠴᠠ ᠵᠠᠶᠢᠯᠠᠰᠬᠢᠵᠦ᠂ ᠣᠯᠠᠨ ᠨᠡᠶᠢᠲᠡ ᠶᠢᠨ ᠡᠳ᠋ ᠪᠣᠳᠠᠰ ᠲᠠᠢ | ᠬᠦᠷᠦᠯᠴᠡᠬᠦ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ᠬᠥᠮᠦᠨ ᠣᠯᠠᠨ ᠴᠤᠭᠯᠠᠷᠠᠬᠤ ᠲᠠᠯᠠᠪᠤᠷ ᠲᠤ ᠪᠤᠰᠤᠳ | ᠲᠠᠢ ᠤᠬᠠᠮᠰᠠᠷ ᠠᠴᠠ ᠪᠠᠨ ᠨᠢᠭᠡ ᠮᠧᠲᠷ ᠤᠨ ᠨᠡᠶᠢᠭᠡᠮ ᠤᠨ ᠬᠠᠷᠢᠯᠴᠠᠭᠠᠨ ᠤ ᠵᠠᠶ ᠲᠠᠢ ᠪᠠᠶᠢᠵᠤ᠂ ᠰᠢᠬᠠᠯᠳᠤᠬᠤ ᠠᠴᠠ | ᠵᠠᠶᠢᠯᠠᠰᠬᠢᠬᠦ ᠬᠡᠷᠡᠭᠲᠡᠶ᠃ | 2 . ᠪᠠᠶᠠᠷ ᠤᠨ ᠡᠳᠦᠷ ᠤᠨ ᠬᠤᠭᠤᠴᠠᠭᠠᠨ ᠳᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠠᠯᠢ | ᠴᠢᠳᠠᠬᠤᠶᠢᠴᠠ ᠪᠠᠭᠠᠰᠬᠠᠵᠤ᠂ ᠬᠠᠮᠲᠤ ᠬᠤᠭᠤᠯᠠᠯᠠᠬᠤ ᠳᠠᠭᠠᠨ ︽ᠨᠡᠶᠢᠲᠡ ᠶᠢᠨ ᠰᠠᠪᠬ᠎ᠠ︾ ᠬᠡᠷᠡᠭᠯᠡᠵᠦ᠂ ︽ | ᠬᠤᠪᠢᠳᠠᠨ ᠬᠤᠭᠤᠯᠠᠯᠠᠬᠤ ᠳᠦᠷᠢᠮ︾ ᠢ ᠰᠠᠨᠠᠭᠠᠴᠢᠯᠠᠨ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ | ᠰᠠᠶᠢᠲᠤᠷ ᠬᠢᠬᠦ ᠬᠡᠷᠡᠭᠲᠡᠶ᠃ | 3 . ᠳᠤᠮᠳᠠ᠂ ᠦᠨᠳᠦᠷ ᠲᠦᠭᠰᠢᠭᠦᠷᠢ ᠲᠠᠢ ᠭᠠᠵᠠᠷ ᠣᠷᠣᠨ ᠤ ᠵᠣᠴᠢᠨ ᠢᠯᠠᠩᠭᠤᠶ᠎ᠠ ᠪᠡᠶ᠎ᠡ ᠮᠠᠬᠠᠪᠣᠳ ᠤᠨ | ᠡᠷᠡᠭᠦᠯ ᠴᠢᠭᠢᠷᠠᠭ ᠤᠨ ᠪᠠᠶᠢᠳᠠᠯ ᠨᠢ ᠲᠣᠳᠣᠷᠬᠠᠶ ᠦᠭᠡᠶ ᠵᠣᠴᠢᠨ ᠢᠷᠡᠵᠦ ᠰᠤᠷᠪᠤᠯᠵᠢᠯᠠᠬᠤ ᠠᠴᠠ ᠠᠯᠢ ᠴᠢᠳᠠᠬᠤ ᠪᠠᠷ | ᠵᠠᠶᠢᠯᠠᠰᠬᠢᠬᠤ ᠬᠡᠷᠡᠭᠳᠡᠢ᠂ ᠬᠡᠷᠪᠡ ᠵᠠᠶᠢᠯᠠᠰᠬᠢᠵᠦ ᠴᠢᠳᠠᠬᠤ ᠦᠭᠡᠶ᠂ ᠴᠠᠭ ᠲᠤᠬᠠᠶ ᠳᠤᠨᠢ ᠰᠠᠯᠬᠢ ᠨᠡᠪᠲᠡᠷᠡᠭᠦᠯᠬᠦ ᠶᠢᠨ | ᠬᠠᠮᠲᠤ ᠭᠡᠷ ᠳᠣᠲᠣᠷᠠᠬᠢ ᠬᠤᠯᠪᠤᠭᠳᠠᠯ ᠪᠦᠬᠦᠢ ᠪᠣᠳᠠᠰ ᠤᠨ ᠭᠠᠳᠠᠷᠭᠤ ᠪᠠᠨ ᠠᠷᠢᠭᠤᠳᠬᠠᠬᠤ ᠬᠡᠷᠡᠭᠲᠡᠶ᠃ | 4 . ᠬᠦᠢᠲᠡᠨ ᠬᠡᠯᠬᠢᠶᠡᠲᠦ ᠢᠳᠡᠭᠡᠨ ᠬᠤᠳᠠᠯᠳᠤᠨ ᠠᠪᠬᠤ ᠳᠠᠭᠠᠨ ᠵᠠᠪᠠᠯ ᠵᠢᠩᠬᠢᠨᠢ ᠬᠤᠳᠠᠯᠳᠤᠭᠠᠨ ᠳᠤ | ᠬᠦᠷᠴᠦ᠂ ᠰᠣᠩᠭᠤᠨ ᠬᠤᠳᠠᠯᠳᠤᠵᠤ ᠠᠪᠬᠤ᠂ ᠪᠤᠯᠭᠤᠭᠠᠬᠤ ᠳᠠᠭᠠᠨ ᠥᠪᠡᠷ ᠤᠨ ᠪᠡᠶ᠎ᠡ ᠪᠠᠨ ᠰᠠᠶᠢᠲᠤᠷ ᠬᠠᠮᠠᠭᠠᠯᠠᠵᠤ᠂ | ᠬᠦᠢᠲᠡᠨ ᠬᠡᠯᠬᠢᠶᠡᠲᠦ ᠢᠳᠡᠭᠡᠨ ᠲᠠᠢ ᠰᠢᠭᠤᠳ ᠬᠦᠷᠦᠯᠴᠡᠬᠦ ᠠᠴᠠ ᠵᠠᠶᠢᠯᠠᠰᠬᠢᠬᠤ ᠬᠡᠷᠡᠭᠲᠡᠶ᠃ | 5. ᠲᠦᠷᠭᠡᠨ ᠬᠦᠷᠭᠡᠯᠳᠡ ᠶᠢ ᠪᠠᠶᠢᠴᠠᠭᠠᠨ ᠬᠤᠷᠢᠶᠠᠵᠤ ᠠᠪᠬᠤ ᠲᠠᠭᠠᠨ ᠰᠦᠯᠢᠶᠣᠣ ᠪᠡᠭᠡᠯᠡᠢ ᠪᠤᠶᠤ ᠨᠢᠭᠡ | ᠤᠳᠠᠭ᠎ᠠ ᠶᠢᠨ ᠴᠢᠨᠠᠷᠲᠠᠢ ᠪᠡᠭᠡᠯᠡᠢ ᠵᠡᠭᠦᠬᠦ ᠬᠡᠷᠡᠭᠲᠡᠢ︔ 75% ᠶᠢᠨ ᠰᠫᠢᠷᠲ ᠪᠤᠶᠤ ᠾᠯᠣᠷ ᠠᠭᠤᠯᠤᠭᠰᠠᠨ | ᠠᠷᠢᠭᠤᠳᠬᠠᠬᠤ ᠰᠢᠩᠭᠡᠨ ᠵᠡᠷᠭᠡ ᠪᠠᠷ ᠵᠦᠯᠭᠦᠵᠦ ᠠᠷᠢᠭᠤᠳᠬᠠᠬᠤ ᠬᠡᠷᠡᠭᠲᠡᠶ︔ ᠲᠦᠷᠭᠡᠨ ᠬᠦᠷᠭᠡᠯᠲᠡ ᠶᠢ ᠵᠠᠳᠠᠯᠵᠤ | ᠪᠠᠷᠠᠭᠰᠠᠨ ᠤ ᠳᠠᠷᠠᠭ᠎ᠠ᠂ ᠴᠠᠭ ᠲᠤᠬᠠᠶ ᠳᠤᠨᠢ ᠤᠷᠤᠰᠤᠮᠠᠯ ᠤᠰᠤ ᠪᠠᠷ ᠰᠠᠪᠤᠩ ᠪᠤᠶᠤ ᠭᠠᠷ ᠤᠬᠢᠶᠠᠬᠤ ᠰᠢᠩᠭᠡᠨ | ᠨᠡᠮᠡᠵᠦ ᠭᠠᠷ ᠢᠶᠠᠨ ᠤᠬᠢᠶᠠᠬᠤ ᠪᠤᠶᠤ ᠭᠠᠷ ᠦᠯᠦ ᠤᠬᠢᠶᠠᠬᠤ ᠠᠷᠢᠭᠤᠳᠬᠠᠬᠤ ᠰᠢᠩᠭᠡᠨ ᠢ ᠬᠡᠷᠡᠭᠯᠡᠬᠦ ᠬᠡᠷᠡᠭᠲᠡᠶ᠃ | ᠰᠫᠢᠷᠲ ᠪᠣᠯ ᠠᠮᠠᠷᠬᠠᠨ ᠰᠢᠲᠠᠬᠤ ᠪᠣᠳᠠᠰ ᠭᠡᠳᠡᠭ ᠢ ᠠᠩᠬᠠᠷᠬᠤ ᠬᠡᠷᠡᠭᠲᠡᠶ᠂ ᠶᠡᠭᠡ ᠬᠡᠪᠴᠢᠶ᠎ᠡ ᠪᠠᠷ ᠰᠦᠷᠴᠢᠨ | ᠠᠷᠢᠭᠤᠳᠬᠠᠵᠤ ᠪᠣᠯᠬᠤ ᠦᠭᠡᠢ᠃ | 6 . ᠠᠯᠪᠠᠨ ᠤ ᠲᠠᠯ᠎ᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠤᠤᠷᠬᠠᠯ ᠢ ᠢᠲᠡᠭᠡᠬᠦ ᠦᠭᠡᠶ᠂ | ᠴᠤᠤᠷᠬᠠᠯ ᠢ ᠲᠠᠷᠬᠠᠭᠠᠬᠤ ᠦᠭᠡᠶ ᠪᠠᠶᠢᠬᠤ ᠬᠡᠷᠡᠭᠲᠡᠶ᠃ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠡᠶᠢᠭᠡᠮ | ᠲᠣᠭᠤᠷᠢᠭ ᠤᠨ ᠠᠵᠢᠯᠲᠠᠨ᠂ ᠡᠮᠨᠡᠯᠭᠡ ᠶᠢᠨ ᠠᠵᠢᠯᠲᠠᠨ ᠲᠠᠨ ᠤ ᠪᠠᠶᠢᠳᠠᠯ ᠢ ᠠᠰᠠᠭᠤᠪᠠᠯ᠂ ᠢᠳᠡᠪᠬᠢᠲᠡᠶ | ᠬᠠᠮᠵᠢᠯᠴᠠᠭᠠᠷᠠᠶ᠃ | 7 . ᠥᠪᠡᠷ ᠤᠨ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ ᠢᠶᠠᠨ ᠨᠢᠭᠲᠠ ᠠᠩᠬᠠᠷᠴᠤ᠂ ᠪᠡᠶ᠎ᠡ ᠴᠢᠨᠢ ᠡᠪ | ᠦᠭᠡᠶ ᠪᠣᠯᠪᠠᠯ ᠴᠤᠭᠯᠠᠷᠠᠯ ᠤᠨ ᠴᠢᠨᠠᠷᠲᠠᠶ ᠠᠵᠢᠯᠯᠠᠭ᠎ᠠ ᠳᠤ ᠣᠷᠣᠯᠴᠠᠵᠤ ᠪᠣᠯᠬᠤ ᠦᠭᠡᠶ᠂ ᠴᠠᠭ ᠲᠤᠬᠠᠶ ᠳᠤᠨᠢ | ᠡᠮᠨᠡᠭᠦᠯᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠡᠮᠴᠢ ᠲᠠᠢ ᠣᠶᠢᠷᠠᠲᠤᠭᠰᠠᠨ ᠲᠡᠦᠬᠡ᠂ ᠵᠢᠭᠤᠯᠴᠢᠯᠠᠯ ᠤᠨ ᠲᠡᠦᠬᠡ | ᠪᠠᠨ ᠮᠡᠳᠡᠭᠳᠡᠬᠦ ᠬᠡᠷᠡᠭᠲᠡᠶ᠃ | ᠤᠷᠢᠳᠴᠢᠯᠠᠨ ᠰᠡᠷᠭᠡᠶᠢᠯᠡᠬᠦ ᠪᠣᠯ ᠬᠠᠮᠤᠭ ᠤᠨ ᠬᠢᠮᠳᠠ ᠬᠠᠮᠤᠭ ᠤᠨ ᠪᠦᠲᠦᠮᠵᠢᠲᠡᠶ ᠡᠷᠡᠭᠦᠯ ᠮᠡᠨᠳᠦ ᠶᠢᠨ | ᠠᠷᠭ᠎ᠠ ᠪᠣᠳᠣᠯᠭ᠎ᠠ ᠮᠦᠨ᠃ ᠬᠥᠮᠦᠨ ᠪᠦᠬᠦᠨ ᠴᠥᠮ ᠲᠤᠰ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ ᠮᠥᠨ᠂ ᠬᠥᠮᠦᠨ ᠪᠦᠬᠦᠨ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠪᠠᠯ ᠰᠠᠶ᠋ᠢ ᠠᠶᠤᠯ | ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ ᠴᠢᠳᠠᠨ᠎ᠠ᠃ ᠪᠢᠳᠡ ᠭᠠᠷ ᠬᠤᠯᠪᠣᠨ ᠴᠢᠷᠮᠠᠶᠢᠵᠤ᠂ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠤᠬᠠᠮᠰᠠᠷ ᠠᠴᠠ ᠪᠠᠨ ᠡᠯ᠎ᠡ ᠵᠦᠢᠯ ᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠤᠯᠠᠮ ᠴᠢᠨᠠᠭᠰᠢᠳᠠ ᠪᠠᠬᠢᠵᠢᠭᠦᠯᠵᠦ᠂ ᠤᠯᠠᠨ ᠢᠶᠠᠷ | ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ | ᠪᠠᠬᠢᠵᠢᠭᠦᠯᠦᠶ᠎ᠡ᠃ | | ᠦᠬᠠᠶ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2021 ᠣᠨ ᠤ 1 ᠰᠠᠷ᠎ᠠ ᠶᠢᠨ 14 ᠤ ᠡᠳᠦᠷ | |