1 ᠰᠠᠷ᠎ᠠ ᠶᠢᠨ 15 ᠤ ᠡᠳᠦᠷ᠂ ᠪᠥᠬᠦ ᠬᠤᠲᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ ᠲᠤᠷᠰᠢᠯᠭ᠎ᠠ | ᠰᠣᠯᠢᠯᠴᠠᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ | ᠬᠤᠲᠠ ᠶᠢᠨ ᠦᠨᠳᠦᠰᠦᠳᠡᠨ ᠤ ᠬᠡᠷᠡᠭ ᠡᠷᠭᠢᠯᠡᠬᠦ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠮᠠᠨ ᠤ | ᠬᠤᠲᠠ ᠶᠢᠨ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠴᠣᠯᠠ ᠬᠦᠷᠳᠡᠭᠰᠡᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ | 2020 ᠣᠨ ᠤ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠤᠨ ᠬᠠᠮᠤᠭ ᠤᠨ ᠭᠤᠶᠣ ᠬᠡᠷ ᠪᠦᠯᠢ ᠶᠢᠨ | ᠲᠥᠯᠥᠭᠡᠯᠡᠭᠴᠢ᠂ 2020 ᠣᠨ ᠤ ᠪᠥᠬᠦ ᠬᠤᠲᠠ ᠶᠢᠨ ᠠᠩᠬ᠎ᠠ ᠳᠤᠮᠳᠠᠳᠤ ᠶᠢᠨ ᠰᠤᠷᠤᠭᠴᠢᠳ ᠤᠨ ᠦᠨᠳᠦᠰᠦᠲᠡᠨ | ᠤ ᠪᠦᠯᠬᠦᠮᠳᠡᠯ ᠤᠨ ᠡᠬᠡ ᠪᠢᠴᠢᠭ ᠡᠯᠰᠡᠬᠦ ᠠᠵᠢᠯᠯᠠᠭ᠎ᠠ ᠶᠢᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠰᠤᠷᠭᠠᠭᠤᠯᠢ | ᠶᠢᠨ ᠲᠥᠯᠥᠭᠡᠯᠡᠭᠴᠢ ᠰᠣᠯᠢᠯᠴᠠᠭᠠᠨ ᠤ ᠬᠤᠷᠠᠯ ᠳᠤ ᠣᠷᠣᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠥᠪ | ᠤᠯᠤᠰ ᠲᠥᠷᠥ ᠶᠢᠨ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ | ᠭᠠᠷᠳᠠᠬᠤ ᠴᠡᠭ ᠢ ᠦᠨᠡᠨ ᠬᠦ ᠣᠨᠣᠪᠴᠢᠲᠠᠶ ᠪᠠᠲᠤ ᠪᠣᠶ ᠪᠣᠯᠭᠠᠵᠤ᠂ ᠡᠭᠦᠳᠦᠨ ᠪᠠᠶᠢᠭᠤᠯᠬᠤ ᠠᠵᠢᠯ ᠢ ᠡᠯ᠎ᠡ ᠰᠠᠯᠠᠭ᠎ᠠ | ᠮᠥᠴᠢᠷ ᠡᠯ᠎ᠡ ᠠᠵᠢᠯ ᠲᠥᠷᠥᠯ ᠡᠯ᠎ᠡ ᠬᠦᠷᠢᠶᠡᠨ ᠤ ᠠᠵᠢᠯ ᠳᠤ ᠠᠭᠤᠰᠤᠯᠴᠠᠭᠤᠯᠵᠤ᠂ ᠬᠠᠮᠲᠤ ᠪᠠᠷ ᠲᠡᠮᠡᠴᠡᠬᠦ᠂ | ᠬᠠᠮᠲᠤ ᠪᠠᠷ ᠴᠡᠴᠡᠭᠯᠡᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ︔ | ᠡᠭᠦᠳᠦᠨ ᠪᠠᠶᠢᠭᠤᠯᠬᠤ ᠠᠭᠤᠯᠤᠭᠳᠠᠬᠤᠨ ᠢ ᠪᠠᠶᠠᠯᠢᠭᠵᠢᠭᠤᠯᠵᠤ᠂ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠬᠤ | ᠦᠢᠯᠡᠳᠦᠯ ᠢᠶᠠᠨ ᠪᠠᠳᠠᠷᠠᠭᠤᠯᠤᠨ᠂ ᠲᠤᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠠᠢ ᠤᠶᠠᠯᠳᠤᠭᠤᠯᠤᠨ᠂ ︽ | ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠲᠠᠪᠤᠨ ᠬᠠᠮᠲᠤ ᠶᠢᠨ | ᠲᠠᠨᠢᠯᠲᠠ︾ ᠪᠠᠨ ᠴᠢᠩᠭᠠᠳᠬᠠᠨ᠂ ᠰᠣᠶᠣᠯ ᠲᠠᠢ᠂ ᠤᠯᠠᠨ ᠲᠦᠮᠡᠨᠴᠢᠯᠡᠭᠰᠡᠨ᠂ ᠪᠣᠳᠠᠲᠤ ᠴᠤᠬᠴᠠᠵᠢᠭᠤᠯᠤᠬᠰᠠᠨ | ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠦᠨ᠎ᠡ ᠴᠡᠨ᠎ᠠ᠂ | ᠠᠩᠬᠠᠷᠤᠯ ᠪᠠ ᠲᠠᠲᠠᠬᠤ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠡᠭᠦᠳᠦᠨ ᠪᠠᠶᠢᠭᠤᠯᠬᠤ ᠠᠵᠢᠯ ᠤᠨ | ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠠᠵᠢᠯ ᠤᠨ | ᠲᠣᠭᠲᠠᠴᠠ ᠪᠠᠨ ᠪᠦᠷᠢᠨᠰᠢᠭᠦᠯᠵᠦ᠂ ᠪᠠᠷᠢᠮᠵᠢᠶ᠎ᠠ ᠳᠡᠰ ᠳᠠᠷᠠᠭᠠᠯᠠᠯ ᠢᠶᠠᠨ ᠵᠢᠷᠤᠮᠵᠢᠭᠤᠯᠤᠨ᠂ ᠬᠠᠮᠢᠶᠠᠷᠤᠯᠲᠠ ᠶᠢᠨ | ᠳᠦᠷᠢᠮ ᠢᠶᠠᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠰᠢᠯᠭᠠᠷᠠᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ | ᠵᠠᠯᠠᠭᠤᠴᠤᠳ ᠪᠠᠭᠠᠴᠤᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠦᠷᠭᠦᠯᠵᠢᠯᠡᠨ | ᠥᠷᠨᠢᠭᠦᠯᠵᠦ᠂ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠳᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠬᠡᠵᠡᠢ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠪᠠ ᠪᠥᠬᠦ ᠬᠤᠲᠠ ᠶᠢᠨ | ᠳᠥᠷᠪᠡᠳᠦᠭᠡᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ᠂ | 2020 ᠣᠨ ᠤ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠤᠭ ᠤᠨ ᠭᠤᠶᠣ ᠬᠡᠷ | ᠪᠦᠯᠢ᠂ 2020 ᠣᠨ ᠤ ᠪᠥᠬᠦ ᠬᠤᠲᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ | ᠦᠨᠳᠦᠰᠦᠲᠡᠨ ᠤ ᠪᠦᠯᠬᠦᠮᠳᠡᠯ ᠤᠨ ᠡᠬᠡ ᠪᠢᠴᠢᠭ ᠡᠯᠰᠡᠬᠦ ᠠᠵᠢᠯᠯᠠᠭ᠎ᠠ ᠶᠢᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ | ᠰᠤᠷᠭᠠᠭᠤᠯᠢ ᠶᠢ ᠬᠥᠬᠢᠭᠦᠯᠦᠨ ᠰᠠᠶᠢᠰᠢᠶᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠬᠡᠦᠬᠡᠳ ᠤᠨ | ᠴᠡᠴᠡᠷᠯᠢᠭ᠂ ᠬᠠᠶᠢᠷᠤᠪ ᠤᠨ ᠲᠤᠬᠤᠢ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠦᠬᠠᠢ ᠶᠢᠨ ᠬᠡᠳᠦ | ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠲᠣᠪᠴᠢᠶ᠎ᠠ᠂ ᠤᠳᠠ ᠲᠣᠭᠤᠷᠢᠭ ᠤᠨ ᠤᠯᠠᠭᠠᠨᠨᠠᠭᠤᠷ ᠪᠠᠯᠭᠠᠰᠤᠨ ᠤ | ᠽᠧ ᠶᠤᠸᠠᠨ ᠨᠡᠶᠢᠭᠡᠮ ᠲᠣᠭᠤᠷᠢᠭ᠂ ᠬᠠᠶᠢᠨᠠᠨ ᠲᠣᠭᠤᠷᠢᠭ ᠤᠨ ᠷᠠᠰᠢᠵᠦ᠋ᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ |