ᠮᠠᠨ ᠤ ᠬᠤᠲᠠ ᠳᠤᠮᠳᠠᠳᠤ ᠤᠯᠤᠰ ᠤᠨ ᠴᠥᠮ᠎ᠡ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠶᠢᠨ ᠯᠤᠭ᠎ᠠ ᠪᠠᠶᠢᠯᠳᠣᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2021/1/18

     

     1 ᠰᠠᠷ᠎ᠠ ᠶᠢᠨ 15 ᠤ ᠡᠳᠦᠷ᠂ ᠮᠠᠨ ᠤ ᠬᠤᠲᠠ ᠳᠤᠮᠳᠠᠳᠤ ᠤᠯᠤᠰ ᠤᠨ ᠴᠥᠮ᠎ᠡ ᠶᠢᠨ ᠤᠷᠴᠢᠨ

ᠲᠤᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠯᠤᠭ᠎ᠠ ᠪᠡᠭᠡᠵᠢᠩ ᠳᠤ ᠪᠠᠶᠢᠯᠳᠤᠬᠤ ᠪᠣᠳᠣᠯᠭ᠎ᠠ ᠶᠢᠨ

ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠠᠮᠢ ᠠᠬᠤᠶ ᠶᠢᠨ ᠣᠷᠴᠢᠨ

ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠬᠦᠷᠢᠶᠡᠨ ᠳᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ

ᠪᠣᠯᠤᠨ᠎ᠠ᠃

     ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠳᠤᠮᠳᠠᠳᠤ ᠤᠯᠤᠰ ᠤᠨ ᠴᠥᠮ᠎ᠡ ᠶᠢᠨ

ᠠᠵᠤ ᠦᠶᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ

ᠪᠦᠷᠢᠯᠳᠦᠬᠦᠨ᠂ ᠳᠡᠳ᠋ ᠶᠡᠷᠦᠩᠬᠡᠶ ᠳᠠᠭᠠᠭᠠᠮᠠᠯ ᠱᠧᠨ ᠶᠠᠨ ᠹᠧᠩ ᠭᠠᠷ ᠤᠨ ᠥᠰᠥᠭ ᠵᠢᠷᠤᠬᠤ ᠶᠣᠰᠣᠯᠠᠯ ᠳᠤ

ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠬᠤᠤ᠂ ᠳᠤᠮᠳᠠᠳᠤ ᠤᠯᠤᠰ ᠤᠨ

ᠴᠥᠮ᠎ᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ

ᠽᠧᠩ ᠢ ᠵᠢᠶᠦ᠋ᠨ ᠬᠤᠶᠠᠷ ᠲᠠᠯ᠎ᠠ ᠶᠢ ᠲᠥᠯᠥᠭᠡᠯᠡᠨ ᠬᠡᠯᠡᠯᠴᠡᠭᠡᠷ ᠲᠣᠭᠲᠠᠪᠠ᠃

     ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠤᠨ ᠶᠣᠰᠣᠭᠠᠷ᠂ ᠬᠤᠶᠠᠷ

ᠲᠠᠯ᠎ᠠ ᠪᠠᠷ ᠢᠶᠠᠨ ︽ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ

︾ ᠵᠠᠷᠴᠢᠮ ᠶᠣᠰᠣᠭᠠᠷ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ

ᠵᠠᠰᠠᠬᠤ᠂ ᠠᠵᠤ ᠦᠶᠯᠡᠳᠪᠦᠷᠢ᠂ ᠬᠤᠲᠠ ᠶᠢᠨ ᠬᠤᠭ ᠨᠣᠪᠰᠢ ᠶᠢ ᠶᠡᠷᠦᠩᠬᠡᠶᠢᠯᠡᠨ ᠵᠠᠰᠠᠬᠤ᠂ ᠰᠢᠨ᠎ᠡ ᠡᠨᠧᠷᠭᠢ ᠶᠢᠨ

ᠠᠵᠤ ᠦᠶᠯᠡᠰ ᠢ ᠨᠡᠭᠡᠭᠡᠨ ᠬᠥᠭᠵᠢᠭᠦᠯᠬᠦ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠣᠯᠠᠨ ᠬᠦᠷᠢᠶᠡᠨ ᠳᠤ ᠭᠦᠨᠵᠡᠭᠡᠶ

ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ

ᠳᠤᠮᠳᠠ ᠮᠠᠨ ᠤ ᠬᠤᠲᠠ ᠶᠢᠨ ᠠᠮᠢ ᠠᠬᠤᠶ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠦᠭᠵᠢᠯᠳᠡ ᠪᠠᠷ

ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠬᠦ

ᠪᠤᠯᠤᠨ᠎ᠠ᠃

     ᠭᠡᠷ᠎ᠡ ᠲᠣᠭᠲᠠᠬᠤ ᠶᠣᠰᠣᠯᠠᠯ ᠠᠴᠠ ᠡᠮᠦᠨ᠎ᠡ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠶᠠᠷ ᠲᠠᠯ᠎ᠠ ᠪᠠᠷ

 ᠢᠶᠠᠨ ᠰᠢᠨ᠎ᠡ ᠬᠥᠭᠵᠢᠯᠲᠡ ᠶᠢᠨ ᠱᠠᠲᠤᠨ ᠤ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ

ᠴᠢᠩᠭᠠᠳᠬᠠᠬᠤ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠵᠤ᠂ ᠨᠡᠪᠲᠡᠷᠡᠯᠴᠡᠬᠦ ᠲᠣᠭᠲᠠᠴᠠ ᠪᠠᠶᠢᠭᠤᠯᠬᠤ᠂

ᠠᠰᠠᠭᠤᠳᠠᠯ ᠢ ᠵᠣᠬᠢᠴᠠᠭᠤᠯᠤᠨ ᠰᠤᠳᠤᠯᠵᠤ ᠰᠢᠶᠳᠪᠦᠷᠢᠯᠡᠬᠦ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号