ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 2021 ᠣᠨ ᠤ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/19
     1 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ ᠨᠢᠭᠡᠳᠦᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ᠂ ᠮᠠᠨ ᠤ ᠬᠤᠲᠠ ᠶᠢᠨ ᠬᠤᠯᠪᠤᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠸᠠᠩ ᠵᠤᠤ ᠱᠧᠩ᠂ ᠬᠤ᠋ ᠱᠠᠨ ᠱᠦᠨ᠂ ᠬᠤᠳᠠ ᠶᠢᠨ ᠳᠡᠳ᠋ ᠳᠠᠷᠤᠭ᠎ᠠ ᠯᠢᠶᠠᠩ ᠱᠤ᠋ ᠫᠢᠩ᠂ ᠯᠢᠦ ᠰᠦ᠋ ᠬᠤᠩ᠂ ᠯᠢ ᠴᠦᠨ ᠰᠢᠶᠤᠤ ᠵᠢᠴᠢ ᠨᠠᠷᠢᠨ ᠪᠢᠴᠢᠭ ᠤᠨ ᠳᠠᠷᠤᠭ᠎ᠠ ᠮᠧᠩ ᠫᠸᠢ ᠶᠦᠨ ᠬᠤᠷᠠᠯ ᠳᠤ ᠣᠷᠣᠯᠴᠠᠪᠠ᠃ ᠳᠡᠳ᠋ ᠬᠤᠲᠠ ᠶᠢᠨ ᠳᠠᠷᠤᠭ᠎ᠠ ᠡᠤ ᠶᠧ ᠸᠧᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ  ᠤᠨ ᠭᠤᠤᠯ ᠤᠳᠤᠷᠢᠳᠬᠤ ᠺᠠᠳ᠋ᠷᠴᠣᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠨᠠᠷᠢᠨ ᠨᠢᠮᠪᠠᠶ ᠰᠡᠳᠬᠢᠨ ᠪᠣᠳᠣᠯᠬᠢᠯᠠᠵᠤ᠂ ᠰᠡᠳᠬᠢᠯ ᠳᠡᠯᠪᠢᠨ ᠣᠶᠢᠯᠠᠭᠠᠵᠤ᠂ ᠡᠭᠦᠨ ᠳᠤ ᠠᠭᠤᠯᠤᠭᠳᠠᠵᠤ ᠪᠠᠶᠢᠭ᠎ᠠ ᠵᠣᠷᠢᠭ ᠰᠠᠨᠠᠭᠠᠨ ᠤ ᠮᠥᠨ ᠴᠢᠨᠠᠷ᠂ ᠭᠤᠤᠯ ᠤᠳᠬ᠎ᠠ ᠰᠠᠨᠠᠭ᠎ᠠ ᠪᠠ ᠳᠣᠲᠣᠭᠠᠳᠤ ᠯᠣᠭᠢᠭ ᠢ ᠣᠨᠣᠪᠴᠢᠲᠠᠶ ᠡᠵᠡᠮᠰᠢᠵᠦ᠂ ᠰᠡᠳᠬᠢᠯ ᠳᠡᠭᠡᠨ ᠬᠠᠳᠠᠩᠰᠢᠭᠤᠯᠵᠤ᠂ ᠦᠶᠯᠡ ᠠᠵᠢᠯᠯᠠᠭ᠎ᠠ ᠳᠠᠭᠠᠨ ᠢᠯᠡᠷᠡᠭᠦᠯᠵᠦ᠂ ᠡᠭᠦᠨ ᠢᠶᠠᠷ ᠲᠠᠷᠢᠬᠢ ᠲᠣᠯᠣᠭᠠᠶ ᠪᠠᠨ ᠦᠨᠡᠨ ᠬᠦ ᠵᠡᠪᠰᠡᠭᠯᠡᠵᠦ᠂ ᠦᠶᠯᠡᠳᠦᠯᠭᠡ  ᠪᠠᠨ ᠵᠢᠯᠣᠭᠤᠳᠣᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠮᠳᠠᠭᠤᠯᠤᠨ ᠪᠠᠶᠢᠴᠠᠭᠠᠬᠤ ᠪᠣᠯ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠂ ︽ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠭᠦᠨᠵᠡᠭᠡᠶ ᠰᠤᠷᠤᠯᠴᠠᠵᠤ᠂ ᠡᠯ᠎ᠡ ᠵᠦᠶᠯ ᠤᠨ ᠲᠣᠭᠲᠠᠭᠠᠯ ᠵᠢᠴᠢ ᠲᠡᠭᠦᠨ ᠤ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠰᠢᠵᠦ᠂ ᠰᠢᠮᠳᠠᠭᠤᠯᠤᠨ ᠪᠠᠶᠢᠴᠠᠭᠠᠬᠤ ︽ᠬᠤᠷᠴᠠ ᠵᠡᠪᠰᠡᠭ︾ ᠢ ᠰᠠᠶᠢᠲᠤᠷ ᠬᠡᠷᠡᠭᠯᠡᠵᠦ᠂ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠬᠤᠲᠠ ᠶᠢᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠨ ᠥᠷᠨᠢᠭᠦᠯᠦᠭᠰᠡᠨ ᠡᠯ᠎ᠡ ᠲᠥᠷᠥᠯ ᠤᠨ ᠰᠢᠮᠳᠠᠭᠤᠯᠤᠨ ᠪᠠᠶᠢᠴᠠᠭᠠᠬᠤ ᠶᠢ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠡᠯ᠎ᠡ ᠵᠦᠢᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢᠨ ᠲᠥᠯᠥᠪᠵᠢᠭᠦᠯᠭᠡ ︵2020 —2025︶︾ ᠶᠢᠨ ᠦᠨᠳᠦᠰᠦᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠭᠤᠣᠯᠯᠠᠭᠴᠢ ᠴᠢᠬᠤᠯᠠ ᠠᠭᠤᠯᠭ᠎ᠠ ᠶᠢ ᠡᠵᠡᠮᠳᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ  ᠶᠢ ᠲᠦᠷᠭᠡᠳᠬᠡᠨ ᠬᠤᠪᠢᠷᠠᠭᠤᠯᠵᠤ᠂ ᠬᠠᠤᠯᠢᠵᠢᠯ ᠤᠨ ᠰᠡᠳᠬᠢᠬᠦᠢ ᠶᠢ ᠴᠢᠳᠠᠮᠠᠭᠠᠢ ᠬᠡᠷᠡᠭᠯᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠨᠠᠢᠮᠠᠳᠤᠭᠠᠷ ᠲᠠᠪᠤᠨ ᠵᠢᠯ︾  ᠤᠨ ᠬᠠᠤᠯᠢ ᠲᠦᠭᠡᠮᠡᠯᠵᠢᠭᠦᠯᠬᠦ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠬᠦ ᠨᠡᠶᠢᠭᠡᠮ ᠢᠶᠠᠷ ᠢᠶᠠᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢ ᠪᠠᠳᠠᠷᠠᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠨᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠤᠪᠤᠶᠢᠮ᠎ᠠ ᠠᠰᠠᠭᠤᠳᠠᠯ ᠢᠶᠠᠨ ᠦᠷᠭᠦᠯᠵᠢᠯᠡᠨ ᠴᠡᠭᠴᠡᠯᠡᠨ ᠵᠠᠰᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠲᠦᠷᠭᠡᠳᠬᠡᠨ ᠪᠠᠶᠢᠭᠤᠯᠵᠤ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠵᠦ᠂ ᠤᠬᠠᠮᠰᠠᠷ ᠠᠴᠠ ᠪᠠᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠣᠯᠤᠨ ︽ᠨᠢᠭᠡ ᠬᠥᠭᠦᠷᠭᠡᠨ ᠪᠠᠬᠢᠯᠡᠯᠲᠡ︾ ᠶᠢᠨ ᠪᠦᠳᠦᠭᠡᠨ ᠪᠠᠶᠢᠭᠤᠯᠤᠯᠲᠠ ᠳᠤᠮᠳᠠ ᠪᠠᠶᠢᠷᠢ ᠲᠣᠭᠲᠠᠭᠠᠯᠲᠠ᠂ ᠭᠠᠷᠬᠤ ᠵᠠᠮ ᠡᠷᠢᠯᠬᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号