2021 ᠣᠨ ᠤ ᠪᠥᠬᠦ ᠣᠷᠣᠨ ᠤ ᠨᠢᠭᠡᠳᠦᠭᠡᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2021/1/19
     1 ᠰᠠᠷ᠎ᠠ ᠶᠢᠨ 18 ᠤ ᠡᠳᠦᠷ᠂ 2021 ᠣᠨ ᠤ ᠪᠥᠬᠦ ᠣᠷᠣᠨ ᠤ ᠨᠢᠭᠡᠳᠦᠭᠡᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠬᠠᠶᠢᠷᠤᠪ ᠤᠨ ᠲᠣᠬᠤᠶ ᠲᠣᠭᠤᠷᠢᠭ ᠤᠨ ᠪᠢᠨ ᠾᠧ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠡᠷᠳᠡᠨᠢᠰᠠᠩ ᠬᠤᠷᠠᠯ ᠳᠤ ᠣᠷᠣᠯᠴᠠᠪᠠ᠃      ᠵᠢᠶᠠ ᠴᠢᠩ ᠳ᠋ᠦᠩ ᠵᠢᠭᠠᠵᠤ ᠭᠠᠷᠭᠠᠭᠰᠠᠨ ᠨᠢ᠂ ᠮᠠᠨ ᠤ ᠬᠤᠲᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠦᠢᠯᠡᠰ ᠢ ᠬᠥᠭᠵᠢᠭᠦᠯᠬᠦ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠭᠠᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠢᠳᠪᠦᠷᠢᠲᠦ ᠪᠣᠳᠣᠯᠭ᠎ᠠ ᠶᠢᠨ ᠵᠠᠰᠠᠭ ᠲᠤ ᠲᠤᠰᠠᠯᠠᠬᠤ ᠪᠠ ᠬᠡᠷᠡᠭᠯᠡᠭᠡᠨ ᠤ ᠰᠤᠳᠤᠯᠭᠠᠨ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠳᠡᠮᠵᠢᠯᠭᠡ ᠬᠠᠩᠭᠠᠪᠠ᠃ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠳ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤ ᠦᠷᠭᠦᠯᠵᠢᠯᠡᠨ ᠠᠷᠭ᠎ᠠ ᠤᠬᠠᠭᠠᠨ ᠭᠠᠷᠭᠠᠵᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠬᠡᠵᠡᠢ᠃      ᠪᠥᠬᠦ ᠣᠷᠣᠨ ᠤ ᠨᠢᠭᠡᠳᠦᠭᠡᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠲᠠ ︽ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠵᠤ  ᠠᠮᠢᠳᠤᠷᠠᠯ  ᠢᠶᠠᠨ ᠨᠠᠩ ᠰᠠᠶᠢᠨ ᠰᠠᠶᠢᠬᠠᠨ ᠪᠤᠯᠭᠠᠶ᠎ᠠ — ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ︾ ᠪᠠᠷ ᠭᠤᠤᠯ ᠰᠡᠳᠦᠪ ᠪᠣᠯᠭᠠᠭᠰᠠᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠨ ᠱᠠᠲᠤᠨ ᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠭᠰᠡᠨ ᠰᠠᠭᠤᠷᠢᠨ ᠳᠡᠭᠡᠷ᠎ᠡ᠂ ᠣᠨᠣᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠣᠨᠣᠯ ᠤᠨ ᠵᠣᠬᠢᠶᠠᠯ ᠨᠡᠶᠢᠲᠡᠯᠡᠭᠦᠯᠵᠦ᠂ ᠣᠨᠣᠯ ᠤᠨ ᠰᠤᠳᠤᠯᠭᠠᠨ  ᠤ ᠰᠡᠳᠦᠪ ᠭᠠᠷᠭᠠᠬᠤ ᠶᠢᠨ ᠬᠠᠮᠲᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷᠠᠴᠤᠳ ᠢ ᠢᠳᠡᠪᠬᠢᠲᠡᠶ ᠵᠣᠬᠢᠶᠠᠨ ᠪᠠᠶᠢᠭᠤᠯᠵᠤ᠂ ᠡᠯᠪᠡᠭ ᠪᠠᠶᠠᠯᠢᠭ᠂ ᠣᠯᠠᠨ ᠬᠡᠯᠪᠡᠷᠢ ᠶᠠᠩᠵᠤ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠠᠴᠠ ᠭᠤᠤᠯᠯᠠᠨ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠠᠴᠠ ᠳᠠᠭᠠᠭᠠᠴᠢᠯᠠᠨ ᠡᠷᠭᠢᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号