ᠣᠶᠢᠷ᠎ᠠ ᠳᠤ ᠡᠳ᠋ ᠤᠨ ᠵᠠᠰᠠᠭ ᠤᠨ ᠶᠠᠮᠤᠨ ᠲᠣᠭᠲᠠᠭᠠᠯ ᠭᠠᠷᠭᠠᠵᠤ᠂ ︽ᠡᠳ᠋ ᠤᠨ ᠵᠠᠰᠠᠭ ᠤᠨ ᠫᠢᠶᠣᠣ | ᠪᠠᠷᠢᠮᠲᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠳᠤ ᠵᠠᠰᠠᠪᠤᠷᠢ | ᠤᠷᠤᠭᠤᠯᠪᠠ᠂ ᠡᠭᠦᠨ ᠳᠤ ᠡᠳ᠋ ᠤᠨ ᠵᠠᠰᠠᠭ ᠤᠨ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ | ᠠᠭᠤᠯᠭ᠎ᠠ ᠶᠢ ᠨᠡᠮᠡᠭᠳᠡᠭᠦᠯᠦᠨ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠴᠤᠪᠤᠷᠠᠯ ᠢ ᠵᠢᠷᠤᠮᠵᠢᠭᠤᠯᠵᠤ᠂ ᠡᠳ᠋ ᠤᠨ | ᠵᠠᠰᠠᠭ ᠤᠨ ᠡᠯᠧᠺᠲᠷᠣᠨ ᠫᠢᠶᠣᠣ ᠪᠠᠷᠢᠮᠲᠠ ᠪᠣᠯᠤᠨ ᠴᠠᠭᠠᠰᠤᠨ ᠫᠢᠶᠣᠣ ᠪᠠᠷᠢᠮᠲᠠ ᠨᠢ ᠠᠳᠠᠯᠢᠬᠠᠨ ᠬᠠᠤᠯᠢ | ᠴᠠᠭᠠᠵᠠ ᠶᠢᠨ ᠬᠦᠴᠦᠨ ᠲᠠᠢ ᠠᠭᠤᠯᠭ᠎ᠠ ᠶᠢ ᠲᠣᠳᠣᠷᠬᠠᠶ ᠳᠤᠷᠠᠳᠴᠠᠢ᠃ | ᠪᠦᠷᠢᠳᠬᠡᠯ ᠢ ᠦᠨᠳᠦᠰᠦᠯᠡᠪᠡᠯ᠂ 2020 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠤᠯᠤᠰ ᠲᠤ | ᠡᠳ᠋ ᠤᠨ ᠵᠠᠰᠠᠭ ᠤᠨ ᠡᠯᠧᠺᠲᠷᠣᠨ ᠫᠢᠶᠣᠣ ᠪᠠᠷᠢᠮᠲᠠ ᠶᠢ ᠨᠡᠶᠢᠲᠡ 4 ᠳ᠋ᠦᠩᠰᠢᠭᠤᠷ ᠭᠠᠷᠤᠶ ᠬᠤᠪᠢ ᠭᠠᠷᠭᠠᠵᠤ᠂ | ᠬᠤᠯᠪᠣᠭᠳᠠᠭᠰᠠᠨ ᠵᠣᠭᠤᠰᠣᠨ ᠤ ᠲᠤᠭ᠎ᠠ ᠲᠦᠮᠡᠨ ᠳ᠋ᠦᠩᠰᠢᠭᠤᠷ ᠲᠥᠭᠦᠷᠢᠭ ᠰᠢᠬᠠᠮ ᠳᠤ ᠬᠦᠷᠦᠨ᠂ ᠪᠤᠢ ᠪᠦᠬᠦᠢ | ᠠᠵᠢᠯ ᠲᠥᠷᠥᠯ ᠪᠣᠯᠤᠨ ᠫᠢᠶᠣᠣ ᠪᠠᠷᠢᠮᠲᠠ ᠶᠢᠨ ᠲᠥᠷᠥᠯ ᠵᠦᠢᠯ ᠢ ᠬᠠᠮᠤᠷᠴᠠᠶ᠃ | ᠡᠳ᠋ ᠤᠨ ᠵᠠᠰᠠᠭ ᠤᠨ ᠫᠢᠶᠣᠣ ᠪᠠᠷᠢᠮᠲᠠ ᠭᠡᠳᠡᠭ ᠨᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ ︵ | ᠲᠠᠮᠠᠭ᠎ᠠ︶ ᠦᠢᠯᠡᠳᠴᠦ᠂ ᠲᠠᠷᠬᠠᠭᠠᠨ᠂ ᠬᠠᠮᠢᠶᠠᠷᠬᠤ᠂ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ | ᠣᠯᠠᠨ ᠨᠡᠶᠢᠲᠡ ᠶᠢᠨ ᠬᠠᠮᠢᠶᠠᠷᠤᠯᠲᠠ ᠪᠤᠶᠤ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠪᠦᠬᠦᠢ | ᠨᠡᠶᠢᠭᠡᠮ ᠤᠨ ᠪᠦᠯᠬᠦᠮ ᠵᠢᠴᠢ ᠪᠤᠰᠤᠳ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠵᠠᠰᠠᠭ ᠤᠨ ᠣᠷᠳᠣᠨ ᠤ | ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠬᠤ ᠪᠤᠶᠤ ᠠᠰᠢᠭ ᠬᠤᠨᠵᠢᠪᠤᠷᠢ ᠶᠢᠨ ᠪᠤᠰᠤ ᠠᠵᠢᠯᠯᠠᠭ᠎ᠠ ᠬᠢᠵᠦ ᠵᠣᠭᠤᠰ | ᠮᠥᠩᠭᠦ ᠡᠳ᠋ ᠪᠣᠳᠠᠰ ᠬᠤᠷᠢᠶᠠᠬᠤ ᠦᠶ᠎ᠡ ᠳᠤ᠂ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ | ᠪᠠᠶᠢᠭᠤᠯᠤᠯᠲᠠ ᠳᠤ ᠪᠢᠴᠢᠵᠦ ᠥᠭᠭᠦᠭᠰᠡᠨ ᠭᠡᠷᠡᠴᠢ ᠪᠠᠷᠢᠮᠲᠠ ᠪᠣᠯᠣᠨ᠎ᠠ᠃ | ︽ᠥᠭᠡᠷᠡᠴᠢᠯᠡᠯᠲᠡ ᠶᠢᠨ ᠲᠠᠰᠤᠷᠠᠯᠲᠠ ᠦᠭᠡᠢ ᠠᠬᠢᠬᠤ ᠶᠢ ᠳᠠᠭᠠᠯᠳᠤᠨ᠂ ᠡᠳ᠋ ᠤᠨ ᠵᠠᠰᠠᠭ ᠤᠨ ᠡᠯᠧᠺᠲᠷᠣᠨ | ᠫᠢᠶᠣᠣ ᠪᠠᠷᠢᠮᠲᠠ ᠶᠢᠨ ᠬᠠᠤᠯᠢ ᠴᠠᠭᠠᠵᠠ ᠶᠢᠨ ᠪᠠᠶᠢᠷᠢ ᠰᠠᠭᠤᠷᠢ ᠲᠣᠳᠣᠷᠬᠠᠶ ᠦᠭᠡᠢ ᠪᠠᠶᠢᠬᠤ ᠠᠰᠠᠭᠤᠳᠠᠯ ᠠᠯᠬᠤᠮ | ᠠᠯᠬᠤᠮ ᠢᠶᠠᠷ ᠲᠤᠪᠤᠶᠢᠮ᠎ᠠ ᠪᠤᠯᠵᠤ᠂ ︿ᠠᠷᠭ᠎ᠠ﹀ ᠳᠠᠬᠢ ᠬᠡᠰᠡᠭ ᠲᠣᠭᠲᠠᠭᠠᠯ ᠨᠢ ᠴᠦ ᠥᠭᠡᠷᠡᠴᠢᠯᠡᠯᠲᠡ ᠪᠠ ᠪᠣᠳᠠᠲᠤ | ᠠᠵᠢᠯ ᠤᠨ ᠬᠡᠷᠡᠭᠴᠡᠭᠡ ᠳᠤ ᠤᠯᠠᠮ ᠢᠶᠠᠷ ᠵᠣᠬᠢᠴᠠᠵᠤ ᠴᠢᠳᠠᠬᠤ ᠦᠭᠡᠢ ᠪᠣᠯᠪᠠ︾᠃ ᠡᠳ᠋ ᠤᠨ ᠵᠠᠰᠠᠭ ᠤᠨ ᠶᠠᠮᠤᠨ ᠤ | ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠬᠦ ᠳᠡᠭᠡᠨ᠂ ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ | ᠬᠠᠮᠢᠶᠠᠷᠤᠯᠲᠠ ᠪᠠ ᠡᠳ᠋ ᠤᠨ ᠶᠠᠪᠤᠳᠠᠯ ᠤᠨ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠲᠣᠭᠠᠴᠢᠯᠠᠭᠰᠠᠨ ᠳᠤᠮᠳᠠᠳᠤ ᠤᠯᠤᠰ᠂ ᠲᠣᠭᠠᠴᠢᠯᠠᠭᠰᠠᠨ ᠵᠠᠰᠠᠭ ᠤᠨ ᠣᠷᠳᠣᠨ ᠵᠢᠴᠢ ᠤᠯᠤᠰ ᠢ ᠵᠠᠰᠠᠬᠤ ᠰᠢᠰᠲ᠋ᠧᠮ | ᠪᠠ ᠵᠠᠰᠠᠬᠤ ᠴᠢᠳᠠᠪᠤᠷᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠵᠣᠬᠢᠴᠠᠭᠤᠯᠤᠨ᠂ ︽ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠡᠳ᠋ ᠤᠨ ᠵᠠᠰᠠᠭ ᠤᠨ | ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠷᠭ᠎ᠠ︾ ᠳᠤ ᠵᠠᠰᠠᠪᠤᠷᠢ ᠣᠷᠣᠭᠤᠯᠬᠤ ᠴᠢᠬᠤᠯᠠᠲᠠᠶ | ᠪᠣᠯᠵᠠᠢ ᠭᠡᠵᠡᠢ᠃ | ᠠᠩᠬᠠᠷᠤᠭᠤᠰᠢᠲᠠᠶ ᠨᠢ᠂ ᠡᠳ᠋ ᠤᠨ ᠵᠠᠰᠠᠭ ᠤᠨ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢ | ᠵᠢᠷᠤᠮᠯᠠᠬᠤ ᠠᠴᠠ ᠬᠠᠤᠯᠢ ᠲᠠᠢ ᠪᠣᠯᠭᠠᠬᠤ ᠶᠢᠨ ᠲᠥᠯᠥᠭᠡ᠂ ᠰᠢᠨ᠎ᠡ ᠲᠣᠭᠲᠠᠭᠠᠯ ᠳᠤ ᠡᠳ᠋ ᠤᠨ ᠵᠠᠰᠠᠭ ᠤᠨ | ᠡᠯᠧᠺᠲᠷᠣᠨ ᠫᠢᠶᠣᠣ ᠪᠠᠷᠢᠮᠲᠠ ᠶᠢᠨ ᠬᠤᠯᠪᠣᠭᠳᠠᠯ ᠪᠦᠬᠦᠢ ᠠᠭᠤᠯᠭ᠎ᠠ ᠶᠢ ᠨᠡᠮᠡᠵᠦ᠂ ᠡᠯᠧᠺᠲᠷᠣᠨ ᠫᠢᠶᠣᠣ | ᠪᠠᠷᠢᠮᠲᠠ ᠶᠢᠨ ᠬᠡᠷᠡᠭᠯᠡᠯᠲᠡ ᠬᠠᠮᠢᠶᠠᠷᠤᠯᠲᠠ ᠶᠢᠨ ᠪᠦᠬᠦ ᠶᠠᠪᠤᠴᠠ ᠶᠢ ᠵᠢᠷᠤᠮᠵᠢᠭᠤᠯᠪᠠ᠃ ᠰᠢᠨ᠎ᠡ ᠲᠣᠭᠲᠠᠭᠠᠯ ᠳᠤ | ᠡᠯᠧᠺᠲᠷᠣᠨ ᠫᠢᠶᠣᠣ ᠪᠠᠷᠢᠮᠲᠠ ᠶᠢᠨ ᠬᠠᠤᠯᠢ ᠴᠠᠭᠠᠵᠠ ᠶᠢᠨ ᠪᠠᠶᠢᠷᠢ ᠰᠠᠭᠤᠷᠢ ᠶᠢ ᠲᠣᠳᠣᠷᠬᠠᠶᠢᠯᠠᠵᠤ᠂ ︽ᠡᠳ᠋ ᠤᠨ | ᠵᠠᠰᠠᠭ ᠤᠨ ᠡᠯᠧᠺᠲᠷᠣᠨ ᠫᠢᠶᠣᠣ ᠪᠠᠷᠢᠮᠲᠠ ᠪᠠ ᠴᠠᠭᠠᠰᠤᠨ ᠫᠢᠶᠣᠣ ᠪᠠᠷᠢᠮᠲᠠ ᠨᠢ ᠠᠳᠠᠯᠢᠬᠠᠨ ᠬᠠᠤᠯᠢ ᠴᠠᠭᠠᠵᠠ ᠶᠢᠨ | ᠬᠦᠴᠦᠨ ᠲᠠᠢ᠂ ᠴᠦᠮ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠳᠤ ᠬᠢᠨᠠᠯᠲᠠ ᠲᠠᠯᠪᠢᠬᠤ᠂ ᠬᠢᠨᠠᠨ | ᠪᠣᠳᠣᠯᠲᠠ ᠳᠤ ᠬᠢᠨᠠᠯᠲᠠ ᠲᠠᠯᠪᠢᠬᠤ ᠵᠡᠷᠭᠡ ᠶᠢᠨ ᠴᠢᠬᠤᠯᠠ ᠦᠨᠳᠦᠰᠦ ᠪᠠᠷᠢᠮᠲᠠ ᠮᠥᠨ︾ ᠭᠡᠵᠦ ᠲᠣᠭᠲᠠᠭᠠᠵᠠᠶ᠃ | ᠡᠯ᠎ᠡ ᠬᠤᠯᠪᠣᠭᠳᠠᠯ ᠪᠥᠬᠦᠶ ᠨᠢᠭᠡᠴᠡ ︵ᠵᠢᠱᠢᠶᠡᠯᠡᠪᠡᠯ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ᠂ | ᠬᠤᠳᠠᠯᠳᠤᠭᠠᠨ ᠤ ᠳᠠᠭᠠᠳᠬᠠᠯ ᠤᠨ ᠨᠢᠭᠡᠴᠡ︶ ᠨᠢ ᠡᠳ᠋ ᠤᠨ ᠵᠠᠰᠠᠭ ᠤᠨ ᠡᠯᠧᠺᠲᠷᠣᠨ ᠫᠢᠶᠣᠣ ᠪᠠᠷᠢᠮᠲᠠ ᠶᠢ ᠲᠠᠩᠰᠠ | ᠲᠠᠶᠢᠯᠬᠤ ᠪᠠ ᠡᠯᠧᠺᠲᠷᠣᠨ ᠲᠠᠩᠰᠠ ᠡᠪᠬᠡᠮᠡᠯ ᠳᠤ ᠣᠷᠣᠭᠤᠯᠬᠤ ᠶᠢᠨ ᠬᠠᠤᠯᠢ ᠶᠣᠰᠣᠨ ᠤ ᠭᠡᠷᠡᠴᠢ ᠪᠠᠷᠢᠮᠲᠠ ᠪᠣᠯᠭᠠᠵᠤ | ᠪᠣᠯᠤᠨ᠎ᠠ᠃ | ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠤ ᠵᠠᠳᠠᠯᠤᠭᠰᠠᠨ ᠢᠶᠠᠷ᠂ ᠢᠨᠲ᠋ᠧᠷ ᠰᠦᠯᠵᠢᠶ᠎ᠡ᠂ ᠰᠢᠯᠵᠢᠮᠡᠯ | ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠡᠳ᠋ ᠤᠨ ᠵᠠᠰᠠᠭ ᠤᠨ ᠡᠯᠧᠺᠲᠷᠣᠨ ᠫᠢᠶᠣᠣ | ᠪᠠᠷᠢᠮᠲᠠ ᠶᠢ ᠳᠡᠯᠭᠡᠷᠡᠭᠦᠯᠦᠨ ᠬᠡᠷᠡᠭᠯᠡᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠲᠦᠯᠦᠪᠦᠷᠢ | ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠤᠨ᠂ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭᠲᠠᠢ ᠡᠳ᠋ ᠤᠨ | ᠵᠠᠰᠠᠭ ᠤᠨ ᠫᠢᠶᠣᠣ ᠪᠠᠷᠢᠮᠲᠠ ᠶᠢᠨ ᠨᠡᠶᠢᠭᠡᠮ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠠᠰᠢᠭᠲᠠᠢ ᠶᠤᠮ | ᠭᠡᠵᠡᠢ᠃ |