1 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠲᠠᠩ ᠢ ᠬᠤᠲᠠ ᠶᠢᠨ ᠵᠠᠰᠠᠭ ᠤᠨ ᠣᠷᠳᠣᠨ ᠤ 2021 ᠣᠨ ᠤ 1 ᠳ᠋ᠣᠭᠡᠷ ᠣᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ︽ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ | ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠢᠨᠵᠢᠯᠡᠨ | ᠪᠠᠶᠢᠴᠠᠭᠠᠭᠰᠠᠨ ᠮᠡᠳᠡᠭᠦᠯᠦᠯᠲᠡ︾ ᠶᠢ ᠵᠠᠷᠯᠠᠨ ᠨᠡᠶᠢᠲᠡᠯᠡᠵᠦ᠂ 2021 ᠣᠨ ᠤ ᠬᠤᠲᠠ ᠶᠢᠨ ᠲᠠᠰ ᠤᠨ | ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠡᠷᠡᠭᠵᠢᠭᠦᠯᠬᠦ ᠲᠥᠯᠥᠪᠯᠡᠭᠡ ᠶᠢ ᠰᠤᠳᠤᠯᠬᠤ | ᠶᠢᠨ ᠬᠠᠮᠲᠤ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠪᠥᠬᠦ ᠬᠤᠲᠠ ᠶᠢᠨ ᠠᠶᠤᠯᠭᠦᠢ ᠦᠶᠯᠡᠳᠪᠦᠷᠢᠯᠡᠯ ᠤᠨ ᠠᠵᠢᠯ | ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠤᠯᠤᠰ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠣᠳᠠᠰᠣᠳᠣ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ | ᠬᠤᠲᠠ ᠶᠢᠨ ᠬᠤᠯᠪᠤᠭᠳᠠᠯ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠢ | ᠬᠤᠳᠠ ᠶᠢᠨ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠢᠨᠵᠢᠯᠡᠨ ᠪᠠᠶᠢᠴᠠᠭᠠᠭᠰᠠᠨ ᠮᠡᠳᠡᠭᠦᠯᠦᠯᠲᠡ︾ ᠶᠢ ᠵᠤᠷᠪᠤᠰ ᠳᠠᠷᠠᠭᠠᠯᠠᠨ ᠨᠠᠷᠢᠨ ᠬᠢᠨᠠᠮᠠᠭᠠᠢ ᠰᠤᠳᠤᠯᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠲᠥᠰᠦᠯ ᠲᠣᠭᠲᠠᠭᠠᠵᠤ᠂ ᠡᠭᠦᠷᠭᠡ ᠶᠢ ᠵᠠᠳᠠᠯᠤᠨ ᠨᠠᠷᠢᠯᠢᠬᠵᠢᠭᠤᠯᠵᠦ | ᠂ ᠪᠡᠶᠡᠯᠡᠭᠦᠯᠬᠦ ᠬᠤᠭᠤᠴᠠᠭ᠎ᠠ ᠶᠢ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠠᠯᠬᠤᠮ ᠠᠯᠬᠤᠮ ᠢᠶᠠᠷ | ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ | ᠰᠠᠨᠠᠭᠤᠯᠭ᠎ᠠ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ᠂ | ᠥᠨᠳᠥᠷ ᠪᠦᠲᠦᠮᠵᠢᠲᠡᠢ ᠵᠠᠰᠠᠯᠲᠠ ᠶᠢ ᠪᠡᠶᠡᠯᠡᠭᠦᠯᠬᠦ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ | ᠬᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠦᠷᠦᠯ ᠵᠦᠢᠯ ᠪᠣᠯ ᠨᠡᠮᠡᠭᠳᠡᠯ ᠢ | ᠲᠣᠭᠲᠠᠪᠤᠷᠢᠵᠢᠭᠤᠯᠵᠤ ᠪᠦᠲᠦᠴᠡ ᠶᠢ ᠲᠤᠬᠢᠷᠠᠭᠤᠯᠬᠤ ᠪᠣᠳᠠᠲᠤ ᠲᠤᠯᠭᠠᠭᠤᠷᠢᠯᠠᠯ ᠮᠥᠨ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ ᠲᠥᠯᠥᠪᠵᠢᠭᠦᠯᠭᠡ ᠪᠠᠨ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ᠂ ᠪᠦᠲᠦᠭᠡᠨ ᠪᠠᠶᠢᠭᠤᠯᠬᠤ ᠲᠥᠰᠦᠯ ᠢᠶᠠᠨ ᠰᠢᠯᠢᠳᠡᠭ ᠢ ᠨᠢ ᠰᠣᠩᠭᠤᠵᠤ᠂ ᠲᠥᠷᠥᠯ ᠵᠦᠢᠯ | ᠤᠨ ᠲᠥᠯᠥᠪᠵᠢᠭᠦᠯᠭᠡ ᠵᠢᠷᠤᠭ ᠲᠥᠯᠥᠪᠯᠡᠭᠡ᠂ ᠪᠣᠯᠤᠮᠵᠢᠲᠤ ᠰᠤᠳᠤᠯᠤᠯ᠂ ᠲᠥᠷᠥᠯ ᠵᠦᠢᠯ ᠲᠣᠭᠲᠠᠭᠠᠬᠤ ᠵᠡᠷᠭᠡ | ᠡᠮᠦᠨᠡᠬᠢ ᠬᠤᠭᠤᠴᠠᠭᠠᠨ ᠤ ᠠᠵᠢᠯ ᠢᠶᠠᠨ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠲᠦᠷᠭᠡᠳᠬᠡᠨ | ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠶ︔ ᠴᠢᠬᠤᠯᠠ ᠡᠯᠧᠮᠧᠨ᠋ᠲ ᠤᠨ ᠪᠠᠲᠤᠯᠠᠭ᠎ᠠ ᠪᠠᠨ ᠲᠠᠰᠤᠷᠠᠯᠲᠠ ᠥᠬᠡᠶ | ᠴᠢᠩᠭᠠᠳᠬᠠᠵᠤ᠂ ᠡᠯ᠎ᠡ ᠲᠥᠷᠥᠯ ᠤᠨ ᠴᠢᠬᠤᠯᠠ ᠡᠯᠧᠮᠧᠨ᠋ᠲ ᠤᠨ ᠳᠠᠯᠳᠠ ᠬᠦᠴᠦᠨ ᠢ ᠬᠥᠭᠵᠢᠭᠡᠵᠦ᠂ ᠭᠤᠤᠯᠳᠠᠯᠭ᠎ᠠ | ᠲᠠᠢ ᠲᠥᠷᠥᠯ ᠵᠦᠶᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠴᠢᠬᠤᠯᠠ ᠪᠥᠬᠦᠶ ᠨᠥᠬᠦᠴᠡᠯ ᠬᠠᠩᠭᠠᠬᠤ ᠬᠡᠷᠡᠭᠲᠡᠶ︔ | ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠵᠦ᠂ ︽ᠡᠭᠦᠷᠭᠡ ᠶᠢ | ᠬᠡᠷᠡᠮ ᠳᠤ ᠭᠠᠷᠭᠠᠬᠤ᠂ ᠵᠢᠷᠤᠭ ᠡᠯᠭᠦᠨ ᠪᠠᠶᠢᠯᠳᠤᠭᠠᠨ ᠬᠢᠬᠦ᠂ ᠬᠦᠰᠦᠨᠦᠭ ᠵᠢᠷᠳ ᠠᠬᠢᠭᠤᠯᠬᠤ᠂ ᠰᠠᠷ᠎ᠠ ᠪᠠᠷ ᠵᠠᠷᠯᠠᠨ | ᠨᠡᠶᠢᠲᠡᠯᠡᠬᠦ︾ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠲᠥᠷᠥᠯ ᠵᠦᠢᠯ᠂ ᠨᠢᠭᠡ ᠲᠤᠰᠬᠠᠶ ᠠᠩᠭᠢ᠂ ᠨᠢᠭᠡ ᠢᠵᠢ | ᠲᠥᠰᠦᠯ ᠢ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠶ︔ ᠲᠥᠷᠥᠯ ᠵᠦᠶᠯ ᠤᠨ ᠪᠣᠭᠤᠳᠠᠯ ᠪᠠᠭᠯᠠᠭ᠎ᠠ ᠶᠢ | ᠲᠥᠰᠦᠪᠯᠡᠬᠦ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ᠬᠥᠮᠥᠷᠭᠡ ᠶᠢ | ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ | ᠤᠯᠬᠤ ᠬᠡᠷᠡᠭᠲᠡᠶ︔ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢᠶᠠᠨ ᠴᠢᠩᠭᠠᠳᠬᠠᠵᠤ᠂ ᠦᠷᠭᠦᠯᠵᠢᠯᠡᠬᠦ | ᠬᠥᠭᠵᠢᠯᠲᠡ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠨᠡᠶᠢᠴᠡᠬᠦ ᠲᠦᠷᠦᠯ ᠵᠦᠢᠯ ᠢ | ᠢᠳᠡᠪᠬᠢᠲᠡᠢ ᠣᠷᠣᠭᠤᠯᠤᠨ ᠠᠪᠴᠢᠷᠠᠵᠤ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ | ᠬᠦᠴᠦᠨ ᠢ ᠲᠠᠰᠤᠷᠠᠯᠳᠠ ᠦᠭᠡᠢ ᠨᠡᠮᠡᠷᠢᠯᠡᠬᠦ ᠬᠡᠷᠡᠭᠲᠡᠢ︔ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠶᠯᠡᠰ ᠤᠨ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ᠂ ᠴᠢᠨᠠᠷ ᠰᠠᠶᠢᠲᠠᠶ ᠬᠥᠭᠵᠢᠯᠲᠡ | ᠶᠢᠨ ᠳᠠᠭᠠᠭᠠᠴᠠ ᠶᠢᠨ ᠭᠠᠵᠠᠷ ᠤᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠦᠶᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ | ᠢᠮᠠᠭᠲᠠ ᠴᠢᠩᠭᠠᠯᠠᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠶᠤᠯ | ᠲᠦᠭᠰᠢᠭᠦᠷᠢ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠬᠡ ᠲᠠᠩᠰᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ | ᠲᠤᠰᠠᠯᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠪᠣᠳᠠᠲᠠᠢ ᠪᠦᠭᠡᠳ ᠨᠠᠷᠢᠯᠢᠭ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ | ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠬᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ | ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠭᠦᠨᠵᠡᠭᠡᠶ ᠲᠤᠤᠱᠯᠠᠭᠤᠯᠵᠤ᠂ ᠬᠤᠲᠠ᠂ ᠲᠣᠭᠤᠷᠢᠭ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠣᠳᠠᠲᠤ ᠴᠣᠭᠴᠠᠵᠢᠭᠰᠠᠨ ᠠᠵᠢᠯᠯᠠᠭᠠᠨ ᠢ ᠳᠠᠷᠤᠶ ᠲᠦᠷᠭᠡᠨ | ᠰᠡᠷᠭᠦᠭᠡᠵᠦ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠤ ︽ᠳᠥᠷᠪᠡᠨ ᠲᠠᠯ᠎ᠠ ᠶᠢᠨ | ᠬᠠᠷᠢᠭᠤᠴᠠᠯᠭ᠎ᠠ︾ ᠶᠢ ᠴᠢᠩᠭᠠᠳᠬᠠᠨ ᠪᠣᠳᠠᠲᠠᠶᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠲᠠᠬᠤᠯ | ᠡᠪᠡᠳᠴᠢᠨ ᠤ ᠰᠣᠳᠣᠯᠣᠯ ᠤᠨ ᠪᠠᠶᠢᠴᠠᠭᠠᠠᠯᠳᠠ ᠪᠠᠷ ᠡᠬᠢ ᠰᠤᠷᠪᠤᠯᠵᠢ ᠶᠢ ᠮᠥᠷᠳᠡᠬᠦ᠂ ᠭᠠᠵᠠᠷ ᠣᠷᠣᠨ ᠤ | ᠬᠠᠮᠵᠢᠯᠴᠠᠨ ᠰᠡᠷᠭᠡᠶᠢᠯᠡᠬᠦ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠲᠤᠰᠬᠠᠶ ᠡᠭᠡᠯᠵᠢ ᠶᠢᠨ ᠪᠠᠲᠤᠯᠠᠭ᠎ᠠ ᠶᠢ | ᠪᠣᠳᠠᠲᠠᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠣᠷᠣᠨ ᠪᠠᠶᠢᠷᠢ ᠶᠢᠨ ᠠᠶᠤᠯ | ᠲᠦᠭᠰᠢᠭᠦᠷᠢ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠤᠤᠯᠳᠠᠯᠭ᠎ᠠ ᠲᠠᠢ ᠬᠥᠮᠦᠰ ᠢ | ᠤᠶᠢᠯᠠᠭᠠᠨ ᠵᠢᠭᠰᠠᠭᠠᠵᠤ ᠳᠡᠩᠰᠡᠯᠡᠨ ᠲᠡᠮᠳᠡᠭᠯᠡᠬᠦ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠪᠠᠶᠢᠩᠭᠤᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠭᠡᠨᠡᠳᠲᠡ ᠡᠭᠦᠰᠬᠦ ᠬᠢᠵᠢᠭ ᠤᠨ ᠪᠠᠶᠢᠳᠠᠯ | ᠢ ᠪᠠᠴᠢᠮ ᠠᠷᠭᠠᠴᠠᠭᠠᠨ ᠰᠢᠶᠳᠪᠦᠷᠢᠯᠡᠬᠦ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠶ ᠬᠡᠵᠡᠢ᠃ | ᠬᠤᠷᠠᠯ ᠠᠴᠠ ︽ᠦᠬᠠᠶ ᠬᠤᠲᠠ ᠶᠢᠨ ᠰᠢᠨ᠎ᠡ ᠬᠡᠯᠪᠡᠷᠢ ᠶᠢᠨ ᠤᠶᠤᠨᠲᠤ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠦᠵᠦ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾ ᠢ ᠰᠤᠳᠤᠯᠤᠭᠰᠠᠨ ᠪᠥᠭᠡᠳ ᠵᠠᠷᠴᠢᠮ | ᠳᠡᠭᠡᠷ᠎ᠡ ᠪᠠᠨ ᠪᠠᠲᠤᠯᠠᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠯᠢᠦ ᠬᠤᠩ ᠶᠦᠨ ᠬᠤᠷᠠᠯ ᠳᠤ ᠰᠤᠯᠠ ᠣᠷᠣᠯᠴᠠᠪᠠ᠃ |