ᠵᠢᠭᠡᠯᠡᠯᠭᠡ ᠶᠢᠨ ᠬᠦᠤ ᠮᠦᠩᠬᠦ ᠭᠤᠷᠪᠠᠨ ᠮᠦᠩᠭᠦ ᠠᠴᠠ ᠳᠠᠪᠠᠪᠠᠯ ᠁
ᠨᠡᠶᠢᠲᠡᠯᠡᠭᠰᠡᠨ ᠴᠠᠭ᠄
2021/1/25
     ᠮᠠᠨ ᠤ ᠠᠮᠢᠳᠤᠷᠠᠯ ᠤᠨ ᠳᠤᠮᠳᠠ ᠠᠷᠠᠳ ᠤᠨ ᠬᠤᠭᠤᠷᠤᠨᠳᠤᠬᠢ ᠵᠢᠭᠡᠯᠡᠯᠭᠡ ᠪᠤᠯ ᠨᠡᠶᠢᠳᠡᠮ ᠤᠷᠤᠰᠢᠵᠤ ᠪᠠᠶᠢᠭ᠎ᠠ ᠵᠦᠢᠯ ᠮᠦᠨ᠃ ᠡᠭᠦᠨ ᠳᠤ ᠭᠤᠤᠯ ᠨᠢ ᠬᠦᠤ ᠮᠦᠩᠭᠦ ᠶᠢᠨ ᠠᠰᠠᠭᠤᠳᠠᠯ ᠶᠤᠮ᠂ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠵᠢᠯ ᠤᠨ ᠬᠦᠤ ᠮᠦᠩᠬᠦ ᠶᠢᠨ ᠨᠤᠷᠮ᠎ᠠ ᠨᠢ ᠵᠠᠭᠤᠨ ᠤ ᠬᠤᠷᠢᠨ ᠳᠦᠷᠪᠡ ᠠᠴᠠ ᠳᠠᠪᠠᠭ᠋ᠤ ᠦᠭᠡᠢ ᠪᠠᠶᠢᠪᠠᠯ᠂ ᠳᠠᠷᠤᠢ ᠰᠠᠷ᠎ᠠ ᠶᠢᠨ ᠬᠦᠤ ᠮᠦᠩᠭᠦ ᠨᠢ ᠬᠤᠶᠠᠷ ᠮᠦᠩᠭᠦ ᠠᠴᠠ ᠳᠠᠪᠠᠭ᠋ᠤ ᠦᠭᠡᠢ ᠪᠠᠶᠢᠪᠠᠯ ᠬᠠᠤᠯᠢ ᠶᠢᠨ ᠬᠠᠮᠠᠭᠠᠯᠠᠯᠳᠠ ᠶᠢ ᠤᠯᠳᠠᠭ ᠪᠠᠶᠢᠨ᠎ᠠ᠃ ᠬᠡᠷᠪᠡ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠵᠢᠯ ᠤᠨ ᠬᠦᠤ ᠮᠦᠩᠭᠦ ᠶᠢᠨ ᠨᠤᠷᠮ᠎ᠠ ᠨᠢ ᠵᠠᠭᠤᠨ ᠤ ᠬᠤᠷᠢᠨ ᠳᠦᠷᠪᠡ ᠠᠴᠠ ᠳᠠᠪᠠᠭᠠᠳ ᠵᠠᠭᠤᠨ ᠤ ᠭᠤᠴᠢᠨ ᠵᠢᠷᠭᠤᠭ᠎ᠠ  ᠠᠴᠠ ᠳᠤᠷᠤᠬᠰᠢ ᠪᠠᠶᠢᠪᠠᠯ ᠡᠨᠡ ᠬᠤᠭᠤᠷᠤᠨᠳᠤᠬᠢ ᠬᠦᠤ ᠮᠦᠩᠭᠦ ᠶᠢᠨ ᠨᠤᠷᠮ᠎ᠠ ᠶᠢ ᠬᠠᠤᠯᠢ ᠠᠴᠠ ᠤᠴᠢᠵᠤ ᠰᠢᠭᠤᠳ ᠬᠠᠮᠢᠶᠠᠷᠳᠠᠭ ᠦᠭᠡᠢ᠂ ᠬᠤᠭᠤᠷᠤᠨᠳᠤ ᠪᠠᠨ ᠰᠠᠶᠢᠨ ᠳᠤᠷ᠎ᠠ ᠠᠴᠠ ᠪᠠᠨ ᠳᠤᠬᠳᠠᠵᠤ ᠪᠤᠯᠳᠠᠭ᠃ ᠬᠠᠮᠤᠭ ᠤᠨ ᠭᠤᠤᠯ ᠠᠰᠠᠭᠤᠳᠠᠯ ᠪᠤᠯ ᠵᠢᠯ ᠤᠨ ᠬᠦᠤ ᠮᠦᠩᠭᠦ ᠶᠢᠨ ᠨᠤᠷᠮ᠎ᠠ ᠨᠢ ᠵᠠᠭᠤᠨ ᠤ ᠭᠤᠴᠢᠨ ᠵᠢᠷᠭᠤᠭ᠎ᠠ ᠠᠴᠠ ᠳᠠᠪᠠᠭᠰᠠᠨ ᠪᠠᠶᠢᠪᠠᠯ ᠤᠤᠯ ᠤᠨ ᠬᠠᠤᠯᠢ ᠴᠠᠭᠠᠵᠠ ᠳᠡᠭᠡᠷ᠎ᠡ ᠵᠠᠭᠤᠨ ᠤ ᠭᠤᠴᠢᠨ ᠵᠢᠷᠭᠤᠭ᠎ᠠ ᠠᠴᠠ ᠳᠠᠪᠠᠭᠰᠠᠨ ᠬᠡᠰᠡᠭ ᠢ ᠬᠠᠤᠯᠢ  ᠠᠴᠠ ᠤᠴᠢᠵᠤ ᠬᠠᠮᠠᠭᠠᠯᠠᠳᠠᠭ ᠦᠭᠡᠢ᠃ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠰᠠᠷ᠎ᠠ ᠶᠢᠨ ᠬᠦᠤ ᠮᠦᠩᠭᠦ  ᠨᠢ ᠭᠤᠷᠪᠠᠨ ᠮᠦᠩᠭᠦ ᠠᠴᠠ ᠳᠠᠪᠠᠭᠠᠳ ᠵᠢᠯ ᠤᠨ ᠬᠦᠤ ᠮᠦᠩᠭᠦ ᠶᠢᠨ ᠨᠤᠷᠮ᠎ᠠ ᠨᠢ ᠵᠠᠭᠤᠨ ᠤ ᠭᠤᠴᠢᠨ ᠵᠢᠷᠭᠤᠭ᠎ᠠ ᠶᠢ ᠳᠠᠪᠠᠭᠰᠠᠨ ᠪᠠᠶᠢᠳᠠᠯ ᠳᠤᠤᠷ᠎ᠠ ᠳᠤᠤᠷᠠᠬᠢ ᠮᠡᠳᠤ ᠵᠢᠷᠭᠤᠭᠠᠨ ᠵᠦᠢᠯ ᠤᠨ ᠨᠦᠬᠦᠴᠡᠯ ᠢ ᠵᠡᠷᠭᠡ ᠳᠤᠨᠢ ᠪᠦᠷᠢᠯᠳᠦᠭᠦᠯᠦᠭᠰᠡᠨ ᠪᠠᠶᠢᠪᠠᠯ ᠳᠡᠷᠡ ᠨᠢ ᠡᠩ ᠤᠨ ᠵᠤᠭᠤᠰ ᠵᠢᠭᠡᠯᠡᠭᠦᠯᠦᠭᠰᠡᠨ ᠶᠠᠪᠤᠳᠠᠯ ᠪᠢᠰᠢ ᠬᠠᠷᠢᠨ ᠡᠷᠡᠭᠦᠤ ᠶᠢᠨ ᠬᠠᠤᠯᠢ ᠠᠴᠠ ᠴᠠᠭᠠᠵᠢᠯᠠᠵᠤ ᠪᠠᠶᠢᠭ᠎ᠠ ᠶᠠᠯᠠᠳᠤ ᠠᠵᠢᠯᠯᠠᠭ᠎ᠠ ᠪᠤᠯᠵᠤ ᠪᠦᠷᠢᠯᠳᠦᠳᠡᠭ᠃            ᠡᠨᠡᠬᠦ ᠵᠢᠷᠭᠤᠭᠠᠨ ᠨᠦᠭᠦᠴᠡᠯ ᠨᠢ᠄      ᠨᠢᠭᠡ ᠳᠤ᠂ ᠳᠤᠬᠠᠢ ᠶᠢᠨ ᠬᠦᠮᠤᠨ ᠤ ᠬᠤᠭᠤᠷᠤᠨᠳᠤᠬᠢ ᠵᠢᠭᠡᠯᠡᠯᠭᠡ ᠨᠢ ᠤᠯᠤᠰ ᠤᠨ ᠳᠦᠷᠢᠮ ᠳᠤᠬᠳᠠᠭᠠᠯ ᠢ ᠵᠦᠷᠢᠴᠡᠭᠰᠡᠨ᠃      ᠬᠤᠶᠠᠷ ᠲᠤ᠂ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠦᠭᠡᠢ ᠪᠤᠶᠤ ᠤᠭ ᠤᠨ ᠡᠵᠡᠩᠨᠡᠯᠳᠡ ᠶᠢᠨ ᠬᠡᠪᠴᠢᠶ᠎ᠡ ᠠᠴᠠ ᠪᠠᠨ ᠳᠠᠪᠠᠭᠰᠠᠨ᠃      ᠭᠤᠷᠪᠠ ᠳᠤ᠂ ᠠᠰᠢᠭ ᠤᠯᠬᠤ ᠪᠠᠷ ᠵᠤᠷᠢᠯᠭ᠎ᠠ ᠪᠤᠯᠭᠠᠳᠠᠭ᠃      ᠳᠦᠷᠪᠡ ᠳᠤ᠂ ᠪᠠᠶᠢᠩᠭᠤ ᠶᠢᠨ ᠴᠢᠨᠠᠷᠳᠠᠢ ᠪᠠᠷ ᠨᠡᠶᠢᠭᠡᠮ ᠳᠡᠭᠡᠷ᠎ᠡ ᠤᠨᠴᠠᠭᠠᠢ ᠳᠤᠬᠳᠠᠬᠰᠠᠨ ᠪᠤᠰᠣ ᠤᠯᠠᠨ ᠬᠦᠮᠤᠨ ᠳᠤ ᠵᠢᠭᠡᠯᠡᠯᠭᠡ ᠳᠠᠯᠪᠢᠬᠤ᠃      ᠳᠠᠪᠤ ᠳᠤ᠂ ᠮᠠᠨ ᠤ ᠤᠯᠤᠰ ᠤᠨ ᠮᠦᠩᠭᠦᠨ ᠭᠦᠢᠯᠭᠡᠭᠡᠨ ᠤ ᠡᠮᠬᠢ ᠳᠢᠭᠯᠢᠮ ᠢ ᠰᠠᠮᠠᠷᠠᠭᠤᠯᠤᠬᠰᠠᠨ᠃      ᠵᠢᠷᠭᠤᠭ᠎ᠠ ᠳᠤ᠂ ᠦᠢᠯᠡ ᠪᠠᠶᠢᠳᠠᠯ ᠨᠢ ᠬᠦᠨᠳᠤ ᠨᠤᠴᠢᠳᠠᠢ᠃      ᠡᠶᠢᠮᠦᠷᠬᠦ ᠵᠢᠷᠭᠤᠭᠠᠨ ᠵᠦᠢᠯ ᠤᠨ ᠪᠠᠶᠢᠳᠠᠯ ᠢ ᠵᠡᠷᠭᠡ ᠳᠤᠨᠢ ᠪᠦᠷᠢᠯᠳᠦᠭᠦᠯᠦᠭᠰᠡᠨ ᠬᠠᠤᠯᠢ ᠪᠤᠰᠣ ᠪᠠᠷ ᠵᠢᠭᠡᠯᠡᠯᠭᠡ ᠳᠠᠯᠪᠢᠬᠰᠠᠨ ᠦᠢᠯᠡ ᠠᠵᠢᠯᠯᠠᠭᠠᠨ ᠨᠢ ᠪᠤᠯ ᠡᠷᠡᠭᠦᠤ ᠶᠢᠨ ᠬᠠᠤᠯᠢ ᠳᠤ ᠳᠤᠬᠳᠠᠭᠠᠬᠰᠠᠨ ᠬᠠᠤᠯᠢ ᠪᠤᠰᠤ ᠪᠠᠷ ᠡᠵᠡᠩᠨᠡᠭᠰᠡᠨ ᠶᠠᠯ᠎ᠠ ᠪᠤᠯᠵᠤ ᠪᠦᠷᠢᠯᠳᠦᠳᠡᠭ ᠪᠠᠶᠢᠨ᠎ᠠ᠃ ᠠᠳᠡ ᠳᠤᠳᠤᠷᠠᠭᠤᠯᠵᠤ ᠶᠠᠷᠢᠬᠤ ᠵᠦᠢᠯ ᠭᠡᠪᠡᠯ᠂ ᠪᠠᠶᠢᠩᠭᠤ  ᠶᠢᠨ ᠴᠢᠨᠠᠷᠳᠠᠢ ᠪᠠᠷ ᠨᠡᠶᠢᠭᠡᠮ ᠳᠡᠭᠡᠷ᠎ᠡ ᠤᠨᠴᠠᠭᠠᠢ ᠳᠤᠬᠳᠠᠬᠰᠠᠨ ᠪᠤᠰᠣ ᠤᠯᠠᠨ ᠬᠦᠮᠤᠨ ᠳᠤ ᠵᠢᠭᠡᠯᠡᠯᠭᠡ ᠳᠠᠯᠪᠢᠬᠤ ᠭᠡᠳᠡᠭ ᠨᠢ ᠬᠤᠶᠠᠷ ᠵᠢᠯ ᠤᠨ ᠳᠤᠳᠤᠷ᠎ᠠ ᠤᠨᠴᠠᠭᠠᠢ ᠳᠤᠬᠳᠠᠬᠰᠠᠨ ᠤᠯᠠᠨ ᠬᠦᠮᠤᠨ ᠳᠤ ᠵᠤᠭᠤᠰ ᠵᠢᠭᠡᠯᠡᠭᠦᠯᠬᠦ ᠪᠤᠶᠤ ᠪᠣᠰᠤᠳ ᠨᠡᠷ᠎ᠡ ᠪᠠᠷ ᠪᠡᠯᠡ ᠮᠦᠩᠭᠦ ᠵᠢᠭᠡᠯᠡᠭᠦᠯᠵᠤ ᠦᠭᠭᠦᠭᠡᠳ ᠠᠷᠪᠠ ᠤᠳᠠᠭ᠎ᠠ ᠶᠢ ᠳᠠᠪᠠᠭᠰᠠᠨ ᠪᠠᠶᠢᠬᠤ᠃      ᠦᠢᠯᠡ ᠪᠠᠶᠢᠳᠠᠯ ᠨᠢ ᠬᠦᠨᠳᠤ ᠨᠤᠴᠢᠳᠠᠢ ᠭᠡᠳᠡᠭ ᠪᠤᠯ ᠭᠤᠷᠪᠠᠨ ᠳᠠᠯ᠎ᠠ ᠠᠴᠠ ᠦᠵᠡᠨ᠎ᠡ᠄      ᠨᠢᠭᠡ ᠳᠤ᠂ ᠬᠤᠪᠢ ᠬᠦᠮᠤᠨ ᠬᠠᠤᠯᠢ ᠪᠤᠰᠣ ᠪᠠᠷ ᠵᠢᠭᠡᠯᠡᠯᠭᠡ ᠳᠠᠯᠪᠢᠭᠠᠳ ᠬᠤᠶᠠᠷ ᠵᠠᠭᠤᠨ ᠳᠦᠮᠡ ᠶᠢ ᠳᠠᠪᠠᠭᠰᠠᠨ᠂ ᠨᠢᠭᠡᠴᠡ ᠬᠡᠷᠪᠡ ᠬᠠᠤᠯᠢ ᠪᠤᠰᠤ ᠪᠠᠷ ᠵᠢᠭᠡᠯᠡᠯᠭᠡ ᠳᠠᠯᠪᠢᠭᠠᠳ ᠮᠢᠩᠭᠠᠨ ᠳᠦᠮᠡ ᠶᠢ ᠳᠠᠪᠠᠭᠰᠠᠨ᠃      ᠬᠤᠶᠠᠷ ᠲᠤ᠂ ᠬᠤᠪᠢ ᠬᠦᠮᠤᠨ ᠬᠠᠤᠯᠢ ᠪᠤᠰᠣ ᠪᠠᠷ ᠵᠢᠭᠡᠯᠡᠯᠭᠡ ᠳᠠᠯᠪᠢᠭᠠᠳ ᠬᠠᠤᠯᠢ ᠪᠤᠰᠣ ᠪᠠᠷ ᠤᠯᠤᠬᠰᠠᠨ ᠠᠰᠢᠭ ᠤᠷᠤᠯᠭ᠎ᠠ ᠨᠢ ᠨᠠᠶᠠᠨ ᠳᠦᠮᠡ ᠶᠢ ᠳᠠᠪᠠᠭᠰᠠᠨ᠂ ᠨᠢᠭᠡᠴᠡ ᠬᠠᠤᠯᠢ ᠪᠤᠰᠤ ᠪᠠᠷ ᠵᠢᠭᠡᠯᠡᠯᠭᠡ ᠳᠠᠯᠪᠢᠭᠠᠳ ᠬᠠᠤᠯᠢ ᠪᠤᠰᠣ ᠪᠠᠷ ᠤᠯᠤᠬᠰᠠᠨ ᠤᠷᠤᠯᠭ᠎ᠠ ᠨᠢ ᠳᠦᠷᠪᠡᠨ ᠵᠠᠭᠤᠨ ᠳᠦᠮᠡ ᠶᠢ ᠳᠠᠪᠠᠭᠰᠠᠨ᠃      ᠭᠤᠷᠪᠠ ᠳᠤ᠂ ᠵᠤᠭᠤᠰ ᠵᠢᠭᠡᠯᠡᠭᠰᠡᠨ ᠬᠦᠮᠤᠨ ᠤ ᠳᠤᠭ᠎ᠠ᠃ ᠬᠤᠪᠢ ᠬᠦᠮᠤᠨ ᠤ ᠵᠢᠭᠡᠯᠡᠯᠭᠡ ᠳᠠᠯᠪᠢᠬᠰᠠᠨ ᠬᠦᠮᠤᠨ ᠤ ᠳᠤᠭ᠎ᠠ ᠳᠠᠪᠢ ᠠᠴᠠ ᠳᠠᠪᠠᠭᠰᠠᠨ᠂ ᠨᠢᠭᠡᠴᠡ ᠶᠢᠨ ᠵᠢᠭᠡᠯᠡᠯᠭᠡ ᠳᠠᠯᠪᠢᠬᠰᠠᠨ ᠬᠦᠮᠤᠨ ᠤ ᠳᠤᠭ᠎ᠠ ᠵᠠᠭᠤ ᠳᠠᠪᠢᠨ ᠬᠦᠮᠤᠨ ᠠᠴᠠ ᠳᠠᠪᠠᠭᠰᠠᠨ ᠪᠠᠶᠢᠬᠤ ᠶᠢ ᠵᠢᠭᠠᠵᠤ ᠪᠠᠶᠢᠨ᠎ᠠ᠃ ᠡᠳᠡᠭᠡᠷ ᠵᠦᠢᠯ ᠢ ᠪᠦᠷᠢᠯᠳᠦᠭᠦᠯᠦᠭᠰᠡᠨ ᠪᠤᠯ ᠡᠷᠡᠭᠦᠤ ᠶᠢᠨ ᠬᠠᠤᠯᠢ ᠶᠢᠨ ᠬᠤᠶᠠᠷ ᠵᠠᠭᠤ ᠬᠤᠷᠢᠨ ᠳᠠᠪᠤᠳᠤᠭᠠᠷ ᠵᠦᠢᠯ ᠤᠨ ᠳᠤᠬᠳᠠᠭᠠᠯ ᠶᠤᠰᠣᠭᠠᠷ ᠬᠠᠤᠯᠢ ᠪᠤᠰᠣ  ᠪᠠᠷ ᠡᠵᠡᠩᠨᠡᠭᠰᠡᠨ ᠶᠠᠯ᠎ᠠ ᠪᠠᠷ ᠳᠤᠬᠳᠠᠭᠠᠵᠤ ᠡᠷᠡᠭᠦᠤ ᠤᠨᠤᠬᠳᠠᠭ ᠶᠤᠮ᠃  
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号