ᠳᠠᠩ ᠢ᠄ ᠡᠬᠢ ᠪᠠᠶᠠᠯᠢᠭ ᠤᠨ ᠠᠷᠭ᠎ᠠ ᠵᠠᠮ ᠳᠤ ᠲᠦᠰᠢᠭᠯᠡᠬᠦ ᠶᠢ ᠡᠪᠳᠡᠵᠦ᠂ ᠰᠢᠨ᠎ᠡ ᠶᠢ ᠡᠭᠦᠳᠬᠦ ᠬᠥᠭᠵᠢᠯᠲᠡ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2021/1/27

     ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠦᠬᠠᠶ ᠬᠤᠲᠠ ᠶᠢᠨ ᠨᠠᠮ ᠤᠨ ᠬᠤᠷᠢᠶᠠᠨ

 ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠡᠭᠡᠷ᠎ᠡ

ᠢᠩᠭᠢᠵᠦ ᠬᠡᠯᠡᠪᠡ᠄ ᠦᠬᠠᠢ ᠬᠤᠳᠠ ᠡᠬᠢ ᠪᠠᠶᠠᠯᠢᠭ ᠰᠢᠪᠬᠠᠷᠤᠭᠰᠠᠨ ᠬᠤᠳᠠ ᠪᠣᠯᠤᠭᠰᠠᠨ ᠤ ᠬᠤᠪᠢ ᠳᠤ᠂ ᠡᠷᠬᠡᠪᠰᠢ

ᠡᠬᠢ ᠪᠠᠶᠠᠯᠢᠭ ᠤᠨ ᠠᠷᠭ᠎ᠠ ᠵᠠᠮ ᠳᠤ ᠲᠦᠰᠢᠭᠯᠡᠬᠦ ᠶᠢ ᠡᠪᠳᠡᠵᠦ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢ

ᠬᠤᠪᠢᠷᠠᠭᠤᠯᠵᠤ᠂ ᠦᠢᠯᠡᠳᠪᠦᠷᠢ ᠠᠭᠤᠷᠬᠠᠢ ᠶᠢᠨ ᠬᠤᠳᠠ ᠶᠢ ᠠᠮᠢ ᠠᠬᠤᠢ ᠶᠢᠨ ᠬᠤᠳᠠ᠂ ᠰᠢᠨ᠎ᠡ ᠶᠢ ᠡᠭᠦᠳᠬᠦ

ᠬᠤᠳᠠ᠂ ᠤᠶᠤᠨᠲᠤ ᠬᠤᠳᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠᠷ ᠴᠢᠷᠮᠠᠶᠢᠨ ᠠᠬᠢᠭᠤᠯᠵᠤ᠂ ᠠᠮᠢ ᠠᠬᠤᠢ ᠶᠢ

ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ

 ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠢ᠃ ᠡᠩ ᠲᠡᠷᠢᠭᠦᠨ ᠳᠤ ᠰᠢᠨ᠎ᠡ ᠶᠢ ᠡᠭᠦᠳᠬᠦ ᠪᠠᠷ ᠳᠠᠮᠵᠢᠭᠤᠯᠤᠨ ᠦᠬᠠᠶ

 ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ

ᠮᠠᠨᠳᠤᠭᠤᠯᠬᠤ︾ ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠲᠣᠭᠠᠴᠢᠯᠠᠭᠰᠠᠨ᠂ ᠰᠦᠯᠵᠢᠶᠡᠵᠢᠭᠰᠡᠨ᠂

ᠤᠶᠤᠨᠴᠢᠯᠠᠬᠰᠠᠨ᠂ ᠠᠦ᠋ᠲ᠋ᠣᠴᠢᠯᠠᠭᠰᠠᠨ ᠡᠨᠧᠷᠭᠢ ᠣᠯᠭᠤᠬᠤ ᠤᠯᠠᠮᠵᠢᠯᠠᠯᠲᠤ ᠠᠵᠤ ᠦᠶᠯᠡᠰ ᠢᠶᠠᠷ ᠦᠬᠠᠶ ᠶᠢᠨ

ᠤᠯᠠᠮᠵᠢᠯᠠᠯᠲᠤ ᠦᠶᠯᠡᠳᠬᠦ ᠦᠶᠯᠡᠰ ᠤᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ

 ᠶᠢᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠭᠢᠭᠤᠯᠤᠨ᠎ᠠ᠃ ᠳᠠᠷᠠᠭᠠᠯᠠᠪᠠᠯ ᠰᠢᠨ᠎ᠡ ᠶᠢ

ᠡᠭᠦᠳᠬᠦ ᠪᠠᠷ ᠳᠠᠮᠵᠢᠭᠤᠯᠤᠨ ᠦᠬᠠᠶ ᠶᠢ ᠬᠠᠪᠰᠤᠷᠤᠨ ᠴᠢᠨᠠᠷ ᠰᠠᠶᠢᠲᠠᠶ ᠠᠮᠢᠳᠤᠷᠠᠯ ᠢ ᠡᠭᠦᠳᠴᠦ᠂ ᠲᠣᠭᠠᠴᠢᠯᠠᠭᠰᠠᠨ

ᠠᠵᠤ ᠠᠬᠤᠶ ᠶᠢ ᠶᠡᠭᠡ ᠪᠠᠷ ᠬᠥᠭᠵᠢᠭᠦᠯᠦᠨ᠂ ᠤᠶᠤᠨᠲᠤ ᠬᠤᠲᠠ ᠶᠢ ᠪᠥᠲᠥᠭᠡᠨ ᠪᠠᠶᠢᠭᠤᠯᠵᠤ᠂ ᠲᠣᠭᠠᠴᠢᠯᠠᠭᠰᠠᠨ

ᠵᠠᠰᠠᠭ ᠤᠨ ᠣᠷᠳᠣᠨ ᠢ ᠪᠠᠶᠢᠭᠤᠯᠤᠨ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ

ᠲᠠᠰᠤᠷᠠᠯᠲᠠ ᠥᠬᠡᠶ ᠬᠠᠩᠭᠠᠨ᠎ᠠ ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号