︽ᠦᠬᠠᠶ ᠬᠤᠲᠠ ᠶᠢᠨ ᠨᠠᠮ ᠤᠨ ᠬᠤᠷᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢᠨ ᠲᠤᠬᠠᠶ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2021/1/27
︽ᠦᠬᠠᠶ ᠬᠤᠲᠠ ᠶᠢᠨ ᠨᠠᠮ ᠤᠨ ᠬᠤᠷᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢᠨ ᠲᠤᠬᠠᠶ ᠲᠣᠳᠣᠷᠬᠠᠶᠢᠯᠠᠯᠲᠠ                 ︵2021 ᠣᠨ ᠤ 1 ᠰᠠᠷ᠎ᠠ ᠶᠢᠨ 11 ᠤ ᠡᠳᠦᠷ︶                          ᠱᠢ ᠸᠠᠨ ᠵᠢᠶᠦ᠋ᠨ      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠪᠢ ︽ᠦᠬᠠᠶ ᠬᠤᠲᠠ ᠶᠢᠨ ᠨᠠᠮ ᠤᠨ ᠬᠤᠷᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ ︵ᠲᠥᠰᠦᠯ︶︾ ᠶᠢ ᠲᠤᠭᠤᠷᠪᠢᠭᠰᠠᠨ ᠪᠠᠶᠢᠳᠠᠯ ᠤᠨ ᠲᠤᠬᠠᠶ ᠪᠥᠬᠦᠳᠡ ᠬᠤᠷᠠᠯ  ᠳᠤ ᠲᠣᠳᠣᠷᠬᠠᠶᠢᠯᠠᠯᠲᠠ ᠬᠢᠶ᠎ᠡ᠃      ᠨᠢᠭᠡ᠂ ᠰᠠᠨᠠᠭᠤᠯᠭ᠎ᠠ ᠶᠢᠨ ᠨᠤᠤᠷᠠᠭ ᠢ ᠲᠤᠭᠤᠷᠪᠢᠭᠰᠠᠨ ᠶᠠᠪᠤᠴᠠ      ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠨᠢᠭᠡᠳᠦᠭᠡᠷ ᠲᠠᠪᠤᠨ ᠵᠢᠯ ᠪᠣᠯᠤᠨ᠎ᠠ᠂ ᠪᠠᠰᠠ ᠴᠤ ᠦᠬᠠᠶ ᠶᠢᠨ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ  ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠨᠠᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠬᠤᠲᠠ ᠶᠢᠨ ᠨᠠᠮ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠰᠠᠶᠢᠲᠤᠷ ᠲᠣᠭᠲᠠᠭᠠᠵᠤ᠂ ᠮᠠᠨ ᠤ ᠬᠤᠲᠠ ᠶᠢᠨ ᠢᠷᠡᠭᠡᠳᠦᠶ ᠶᠢᠨ ᠲᠠᠪᠤᠨ ᠵᠢᠯ ᠴᠢᠨᠠᠭᠰᠢᠯᠠᠪᠠᠯ ᠨᠠᠩ ᠣᠷᠳᠣ ᠬᠤᠭᠤᠴᠠᠭᠠᠨ ᠤ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ  ᠨᠢ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠶᠢ ᠳᠠᠶᠢᠴᠢᠯᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ  ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ  ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠦᠬᠠᠶ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠲᠠ ᠶᠢᠨ ᠨᠠᠮ ᠤᠨ ᠬᠤᠷᠢᠶ᠎ᠠ ᠰᠠᠨᠠᠭᠤᠯᠭ᠎ᠠ ᠶᠢᠨ ᠨᠣᠤᠷᠠᠭ ᠢ ᠲᠤᠭᠤᠷᠪᠢᠬᠤ ᠠᠵᠢᠯ ᠢ ᠳᠡᠭᠡᠳᠦ ᠬᠡᠮᠵᠢᠶ᠎ᠡ  ᠪᠠᠷ ᠴᠢᠬᠤᠯᠠᠴᠢᠯᠠᠵᠤ᠂ ᠨᠢᠳᠤᠨᠤᠨ ᠬᠤᠷᠠᠯᠳᠤᠭᠤᠯᠤᠭᠰᠠᠨ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠨᠠᠶᠮᠠᠳᠤᠭᠠᠷ᠂ ᠶᠢᠰᠦᠳᠦᠭᠡᠷ ᠪᠥᠬᠦᠳᠡ ᠬᠤᠷᠠᠯ ᠳᠡᠭᠡᠷ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠲᠣᠰ ᠲᠣᠰ ᠲᠣᠳᠣᠷᠬᠠᠶ ᠱᠠᠭᠠᠷᠳᠠᠯᠭ᠎ᠠ ᠳᠤᠷᠠᠳᠪᠠ ᠃ ᠪᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠳᠠᠩ ᠢ ᠨᠥᠬᠦᠷ ᠪᠠᠶᠢᠩᠭᠤ ᠶᠢᠨ ᠳᠡᠳ᠋ ᠲᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ  ᠶᠢᠨ ᠭᠡᠰᠢᠭᠦᠨ᠂ ᠵᠠᠰᠠᠭ ᠤᠨ ᠣᠷᠳᠣᠨ ᠤ ᠡᠯ᠎ᠡ ᠬᠤᠲᠠ ᠶᠢᠨ ᠲᠡᠳ᠋ ᠳᠠᠷᠤᠭ᠎ᠠ ᠳᠡᠳ᠋ ᠲᠤᠭᠤᠶᠢᠯᠠᠩ ᠤᠨ ᠳᠠᠷᠤᠭ᠎ᠠ  ᠶᠢᠨ ᠲᠤᠰᠢᠶᠠᠯ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠣᠷᠣᠯᠴᠠᠭᠰᠠᠨ ᠪᠢᠴᠢᠭ ᠮᠠᠲ᠋ᠧᠷᠢᠶᠠᠯ ᠲᠤᠭᠤᠷᠪᠢᠬᠤ ᠲᠤᠭᠤᠶᠢᠯᠠᠩ ᠢ ᠪᠠᠶᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠬᠤᠷᠢᠶᠠᠨ ᠤ ᠤᠳᠤᠷᠢᠳᠤᠯᠭ᠎ᠠ ᠳᠣᠣᠷ᠎ᠠ ᠠᠵᠢᠯ ᠢᠶᠠᠨ ᠥᠷᠨᠢᠭᠦᠯᠪᠡ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ  ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ  ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠶ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠵᠣᠷᠢᠭ ᠰᠠᠨᠠᠭ᠎ᠠ ᠶᠢ ᠨᠡᠪᠳᠡᠷᠡᠳᠡᠯ᠎ᠡ ᠣᠶᠢᠯᠠᠭᠠᠵᠤ᠂ ᠴᠢᠭᠯᠡᠯ ᠢ ᠣᠨᠣᠪᠴᠢᠲᠠᠶ ᠡᠵᠡᠮᠳᠡᠬᠦ ᠶᠢ ᠦᠨᠡᠨ ᠬᠦ ᠪᠠᠲᠤᠯᠠᠵᠠᠢ᠃ ᠡᠨᠡ ᠬᠦ ᠰᠠᠭᠤᠷᠢᠨ ᠳᠡᠭᠡᠷ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠴᠢᠬᠤᠯᠠ ᠶᠡᠭᠡ ᠵᠥᠪᠯᠡᠬᠦ ᠰᠡᠳᠦᠪ ᠤᠨ ᠲᠤᠬᠠᠶ ᠬᠤᠯᠪᠣᠭᠳᠠᠯ ᠪᠥᠬᠦᠶ ᠲᠠᠯ᠎ᠠ ᠶᠢᠨ ᠬᠢᠨ ᠠᠴᠠ ᠰᠠᠨᠠᠯ ᠬᠤᠷᠢᠶᠠᠵᠤ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠨᠢᠭᠡᠴᠡ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠤᠨ ᠲᠤᠰᠬᠠᠶ ᠰᠡᠳᠦᠪᠲᠦ ᠰᠤᠳᠤᠯᠭᠠᠨ ᠥᠷᠨᠢᠭᠦᠯᠵᠦ᠂ ᠰᠠᠨᠠᠭᠤᠯᠭ᠎ᠠ ᠶᠢᠨ ᠨᠣᠤᠷᠠᠭ ᠢ ᠰᠠᠶᠢᠲᠤᠷ ᠲᠤᠭᠤᠷᠪᠢᠬᠤ ᠳᠤ ᠴᠢᠬᠤᠯᠠ ᠰᠠᠭᠤᠷᠢ ᠲᠠᠯᠪᠢᠵᠤ ᠥᠭᠴᠡᠶ᠃      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠲᠡᠭᠦᠰᠦᠭᠰᠡᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶ᠎ᠠ ᠪᠥᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠰᠠᠨᠠᠭᠤᠯᠭ᠎ᠠ ᠶᠢᠨ ᠨᠣᠤᠷᠠᠭ ᠢ ᠲᠤᠭᠤᠷᠪᠢᠬᠤ ᠠᠵᠢᠯ ᠳᠤ ᠤᠯᠠᠮ ᠨᠢᠭᠡ ᠠᠯᠬᠤᠮ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠪᠢ ᠤᠷᠢᠳ ᠬᠤᠵᠢᠳ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠬᠤᠷᠠᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠠᠨᠠᠯ ᠬᠤᠷᠢᠶᠠᠬᠤ ᠶᠠᠷᠢᠯᠴᠠᠬᠤ ᠬᠤᠷᠠᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠵᠡᠷᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠲᠣᠭᠤᠷᠢᠭ ᠂ ᠡᠯ᠎ᠡ ᠰᠠᠯᠠᠭ᠎ᠠ ᠮᠥᠴᠢᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠨᠠᠮ ᠤᠨ ᠭᠠᠳᠠᠨᠠᠬᠢ ᠬᠥᠮᠦᠰ᠂ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯᠲᠠᠨ ᠪᠣᠯᠤᠨ ᠦᠨᠳᠦᠰᠦᠨ ᠱᠠᠲᠤᠨ ᠤ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠢᠭᠤᠷᠳᠠᠨ ᠰᠣᠨᠣᠰᠪᠠ᠃ ᠱᠢ ᠲᠠᠢ ᠹᠧᠩ ᠱᠦᠵᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠠᠶᠢᠴᠠᠭᠠᠨ ᠰᠤᠳᠤᠯᠤᠭᠰᠠᠨ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠭᠰᠠᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶ᠎ᠠ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠶ ᠰᠤᠳᠤᠯᠪᠠ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠣᠶᠢᠯᠠᠭᠠᠵᠤ᠂ ᠳᠡᠭᠡᠳᠦ ᠱᠠᠲᠤᠨ ᠤ ᠲᠥᠯᠥᠪᠵᠢᠭᠦᠯᠭᠡ ᠶᠢᠨ ᠰᠠᠨᠠᠭᠤᠯᠭ᠎ᠠ ᠲᠠᠢ ᠪᠦᠬᠦ ᠲᠠᠯ᠎ᠠ ᠪᠠᠷ ᠬᠠᠷᠢᠴᠠᠭᠤᠯᠤᠨ ᠵᠤᠷᠪᠤᠰ ᠳᠠᠷᠠᠭᠠᠯᠠᠨ ᠵᠠᠰᠠᠵᠤ ᠲᠡᠭᠦᠯᠳᠡᠷᠵᠢᠭᠦᠯᠪᠡ᠃ 1 ᠰᠠᠷ᠎ᠠ  ᠶᠢᠨ 5   ᠤ ᠡᠳᠦᠷ᠂ ᠰᠠᠨᠠᠭᠤᠯᠭ᠎ᠠ ᠶᠢᠨ ᠰᠠᠨᠠᠯ ᠬᠤᠷᠢᠶᠠᠬᠤ ᠨᠣᠤᠷᠠᠭ ᠪᠦᠷᠢᠯᠳᠦᠭᠰᠡᠨ ᠤ ᠳᠠᠷᠠᠭ᠎ᠠ᠂ ᠬᠤᠲᠠ ᠶᠢᠨ ᠳᠥᠷᠪᠡᠨ ᠪᠠᠭ ᠪᠠ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤ ᠳᠠᠷᠤᠮᠠᠯᠯᠠᠨ ᠲᠠᠷᠬᠠᠭᠠᠵᠤ ᠥᠷᠭᠡᠨ ᠢᠶᠠᠷ ᠰᠠᠨᠠᠯ ᠬᠤᠷᠢᠶᠠᠭᠰᠠᠨ ᠪᠥᠭᠡᠳ ᠡᠯ᠎ᠡ ᠠᠷᠠᠳᠴᠢᠯᠠᠭᠰᠠᠨ ᠨᠠᠮ ᠪᠦᠯᠦᠭ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠬᠤᠷᠢᠶᠠᠩᠭᠤᠶᠢᠯᠠᠬᠤ ᠪᠠᠷ ᠲᠠᠮᠵᠢᠨ᠂ ᠡᠯ᠎ᠡ ᠲᠠᠯ᠎ᠠ ᠶᠢᠨ ᠬᠢᠨ ᠨᠡᠶᠢᠲᠡ 105 ᠵᠤᠷᠪᠤᠰ ᠵᠠᠰᠠᠪᠤᠷᠢ ᠣᠷᠣᠭᠤᠯᠬᠤ ᠰᠠᠨᠠᠯ ᠳᠤᠷᠠᠳᠴᠠᠶ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠵᠤᠷᠪᠤᠰ ᠳᠠᠷᠠᠭᠠᠯᠠᠨ ᠵᠠᠳᠠᠯᠤᠨ ᠰᠤᠳᠤᠯᠵᠤ᠂ ᠨᠠᠷᠢᠨ ᠬᠢᠨᠠᠮᠠᠭᠠᠢ ᠬᠦᠯᠢᠶᠡᠨ ᠠᠪᠴᠤ᠂ ᠰᠠᠨᠠᠭᠤᠯᠭ᠎ᠠ ᠶᠢᠨ ᠡᠬᠡ ᠨᠤᠤᠷᠠᠭ ᠲᠤ ᠨᠡᠮᠡᠯᠳᠡ᠂ ᠵᠠᠰᠠᠯᠳᠠ᠂ ᠴᠤᠮᠬᠤᠳᠬᠠᠯ ᠬᠢᠭᠰᠡᠨ ᠨᠢ ᠨᠡᠶᠢᠳᠡ 58 ᠬᠡᠰᠡᠭ ᠬᠦᠷᠪᠡ᠃ ᠵᠠᠷᠢᠮ ᠪᠣᠳᠠᠲᠠᠢ ᠵᠦᠢᠯᠡᠰ ᠪᠠ ᠠᠵᠢᠯ ᠤᠨ ᠳᠠᠪᠬᠤᠷᠭ᠎ᠠ ᠳᠤ ᠬᠤᠯᠪᠣᠭᠳᠠᠭᠰᠠᠨ ᠰᠠᠨᠠᠯ ᠰᠠᠨᠠᠭᠤᠯᠭ᠎ᠠ ᠶᠢ ᠲᠥᠯᠥᠪᠵᠢᠭᠦᠯᠭᠡ ᠶᠢᠨ ᠲᠣᠪᠴᠢ ᠶᠢ ᠨᠠᠶᠢᠷᠠᠭᠤᠯᠤᠨ ᠵᠣᠬᠢᠶᠠᠬᠤ ᠪᠠ ᠲᠤᠰᠬᠠᠢ ᠠᠵᠢᠯ ᠤᠨ ᠪᠠᠶᠢᠷᠢᠯᠠᠭᠤᠯᠤᠯᠲᠠ ᠳᠤ ᠨᠢᠭᠡᠳᠦᠯᠲᠡᠢ ᠲᠥᠯᠥᠪᠯᠡᠨ ᠰᠤᠳᠤᠯᠵᠤ ᠪᠣᠳᠣᠯᠬᠢᠯᠠᠬᠤ ᠪᠤᠯᠤᠨ᠎ᠠ᠃      ᠰᠠᠨᠠᠭᠤᠯᠭ᠎ᠠ ᠶᠢᠨ ᠨᠤᠤᠷᠠᠭ ᠢ ᠲᠤᠭᠤᠷᠪᠢᠬᠤ ᠬᠤᠭᠤᠴᠠᠭᠠᠨ ᠳᠤ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠣᠯᠠᠨᠲᠠ ᠲᠥᠪᠯᠡᠷᠡᠭᠦᠯᠦᠨ ᠶᠠᠷᠢᠯᠴᠠᠵᠤ ᠵᠠᠰᠠᠪᠤᠷᠢ ᠣᠷᠣᠭᠤᠯᠪᠠ᠃ 1 ᠰᠠᠷ᠎ᠠ ᠶᠢᠨ 8   ᠤ ᠡᠳᠦᠷ᠂ ᠬᠤᠲᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠵᠤ᠂ ᠰᠠᠨᠠᠭᠤᠯᠭ᠎ᠠ ᠶᠢᠨ ᠬᠢᠨᠠᠭᠤᠯᠬᠤ ᠨᠣᠤᠷᠠᠭ ᠢ ᠬᠢᠨᠠᠨ ᠶᠠᠷᠢᠯᠴᠠᠵᠤ᠂ ᠲᠤᠭᠤᠷᠪᠢᠬᠤ ᠳᠤᠭᠤᠶᠢᠯᠠᠩ ᠬᠤᠯᠪᠣᠭᠳᠠᠯ ᠪᠥᠬᠦᠶ ᠰᠠᠨᠠᠯ ᠢ ᠦᠨᠳᠦᠰᠦᠯᠡᠨ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠰ ᠤᠳᠠᠭᠠᠨ ᠤ ᠪᠥᠬᠦᠳᠡ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠰᠠᠨᠠᠭᠤᠯᠭ᠎ᠠ ᠶᠢᠨ ᠨᠣᠤᠷᠠᠭ ᠢ ᠪᠦᠷᠢᠯᠳᠦᠭᠦᠯᠪᠡ᠃      ᠬᠤᠶᠠᠷ᠂ ᠰᠠᠨᠠᠭᠤᠯᠭ᠎ᠠ ᠶᠢᠨ ᠨᠤᠤᠷᠠᠭ ᠤᠨ ᠭᠤᠤᠯ ᠪᠣᠳᠣᠯᠬᠢᠯᠠᠯ ᠪᠠ ᠦᠨᠳᠦᠰᠦᠨ ᠪᠣᠷᠣ ᠲᠥᠯᠥᠪ      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠦᠵᠡᠬᠦ ᠪᠠᠷ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯ ᠪᠢᠳᠡᠨ ᠤ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠤᠯᠤᠰ ᠲᠦᠷᠦ ᠶᠢᠨ ᠤᠷᠢᠲᠠᠯ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯ ᠪᠢᠳᠡᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠣᠭᠲᠠᠭᠠᠬᠤ ᠠᠵᠢᠯᠯᠠᠭᠠᠨ ᠤ ᠬᠥᠲᠥᠯᠪᠦᠷᠢ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠲᠣᠭᠲᠠᠭᠠᠬᠤ ᠶᠢᠨ ᠬᠠᠮᠤᠭ ᠤᠨ ᠦᠨᠳᠦᠰᠦᠨ ᠵᠦᠶᠯ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠠᠭᠤᠰᠤᠯᠴᠠᠭᠤᠯᠤᠨ ᠨᠡᠪᠲᠡᠷᠡᠯᠴᠡᠭᠦᠯᠵᠦ᠂ ᠪᠥᠬᠦ ᠤᠯᠤᠰ ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠶᠢ ᠳᠠᠭᠠᠵᠤ ᠦᠶᠯᠡᠴᠢᠯᠡᠬᠦ᠂ ᠭᠠᠵᠠᠷ ᠣᠷᠣᠨ ᠤ ᠬᠥᠭᠵᠢᠯᠲᠡ ᠶᠢᠨ ᠨᠥᠬᠦᠴᠡᠯ ᠢ ᠭᠦᠶᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠬᠥᠭᠵᠢᠯᠲᠡ ᠶᠢᠨ ᠬᠠᠷᠠᠯᠲᠠ ᠶᠢ ᠳᠤᠷᠠᠳᠴᠤ᠂ ᠬᠥᠭᠵᠢᠯᠲᠡ ᠶᠢᠨ ᠰᠡᠳᠬᠢᠮᠵᠢ ᠶᠢ ᠲᠣᠭᠲᠠᠭᠠᠵᠤ᠂ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠠᠪᠤᠳᠠᠯ ᠪᠣᠯᠤᠨ᠎ᠠ᠃ ᠲᠤᠭᠤᠷᠪᠢᠨ ᠪᠢᠴᠢᠬᠦ ᠶᠠᠪᠤᠴᠠ ᠳᠤ ᠭᠤᠣᠯᠳᠠᠭᠤ ᠳᠣᠣᠷᠠᠬᠢ ᠵᠠᠷᠴᠢᠮ ᠢ ᠡᠵᠡᠮᠰᠢᠪᠡ᠃      ᠨᠢᠭᠡ ᠳᠤ᠂ ᠪᠠᠷᠢᠮᠵᠢᠶᠠᠯᠠᠨ ᠬᠠᠷᠭᠤᠭᠤᠯᠬᠤ ᠪᠠ ᠪᠣᠳᠠᠲᠠᠶ ᠲᠠᠢ ᠤᠶᠠᠯᠳᠤᠭᠤᠯᠬᠤ ᠶᠢ ᠪᠠᠷᠢᠮᠲᠠᠯᠠᠪᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ  ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠣᠶᠢᠯᠠᠭᠠᠵᠤ᠂ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ ᠲᠠᠢ ᠨᠢᠭᠲᠠ ᠤᠶᠠᠯᠳᠤᠭᠤᠯᠤᠨ᠂ ᠭᠠᠵᠠᠷ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠬᠥᠭᠵᠢᠯᠲᠡ ᠶᠢᠨ ᠬᠠᠷᠠᠯᠲᠠ᠂ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠲᠤᠤᠱᠯᠠᠭᠤᠯᠬᠤ ᠮᠥᠷᠲᠡᠭᠡᠨ ᠭᠠᠵᠠᠷ ᠣᠷᠣᠨ ᠤ ᠪᠣᠳᠠᠲᠠᠶ ᠲᠠᠢ ᠨᠡᠶᠢᠴᠡᠭᠦᠯᠬᠦ ᠶᠢ ᠦᠨᠡᠨ ᠬᠦ ᠪᠠᠲᠤᠯᠠᠪᠠ᠃      ᠬᠤᠶᠠᠷ ᠲᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠨᠢᠭᠡᠳᠬᠡᠬᠦ ᠶᠢ ᠪᠠᠷᠢᠮᠲᠠᠯᠠᠪᠠ᠃ 2035 ᠣᠨ ᠤ ᠠᠯᠤᠰ ᠤᠨ ᠬᠠᠷᠠᠯᠲᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠭᠤᠤᠯ ᠬᠠᠷᠠᠯᠲᠠ ᠪᠣᠯᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠵᠤ ᠦᠶᠯᠡᠰ ᠤᠨ ᠬᠡᠯᠪᠡᠷᠢ  ᠪᠠᠨ ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠨᠢᠭᠡᠳᠦᠯᠲᠡᠶ ᠲᠥᠯᠥᠪᠵᠢᠭᠦᠯᠦᠨ ᠡᠵᠡᠮᠳᠡᠵᠦ᠂ ᠰᠢᠨ᠎ᠡ ᠭᠠᠷᠤᠭ᠎ᠠ ᠠᠴᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠵᠠᠮ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠠᠷᠠᠯᠲᠠ ᠡᠭᠦᠷᠭᠡ ᠶᠢᠨ ᠵᠢᠯᠣᠭᠤᠳᠤᠮᠵᠢ ᠪᠣᠯᠤᠨ ᠴᠢᠬᠤᠯᠠ ᠶᠡᠭᠡ ᠬᠦᠴᠢᠷ ᠠᠰᠠᠭᠤᠳᠠᠯ ᠢ ᠰᠢᠶᠳᠪᠦᠷᠢᠯᠡᠬᠦ ᠪᠠᠷ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠤᠨ ᠢᠯᠡᠳᠲᠡ ᠳᠡᠭᠡᠭᠰᠢᠯᠡᠯᠲᠡ ᠶᠢ ᠠᠬᠢᠭᠤᠯᠪᠠ᠃      ᠭᠤᠷᠪᠠ ᠳᠤ᠂ ᠰᠢᠨᠵᠢᠯᠡᠬᠦ ᠤᠬᠠᠭᠠᠨᠴᠢ ᠪᠠᠷ ᠵᠠᠯᠭᠠᠮᠵᠢᠯᠠᠬᠤ ᠬᠢᠭᠡᠳ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠪᠡ᠃ ᠬᠡᠷᠡᠭᠵᠢᠭᠦᠯᠵᠦ ᠪᠣᠯᠬᠤᠶᠢᠴᠠ ᠪᠦᠲᠦᠮᠵᠢᠲᠡᠶ ᠲᠤᠷᠰᠢᠯᠭ᠎ᠠ ᠠᠷᠭ᠎ᠠ ᠬᠢᠳᠡᠯ ᠢ ᠢᠮᠠᠭᠲᠠ ᠲᠤᠤᠱᠯᠠᠭᠤᠯᠬᠤ ᠮᠥᠷᠲᠡᠭᠡᠨ ᠰᠢᠨ᠎ᠡ ᠬᠥᠭᠵᠢᠯᠲᠡ ᠶᠢᠨ ᠱᠠᠲᠤᠨ ᠤ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠴᠠᠭ ᠦᠶ᠎ᠡ ᠳᠤ ᠠᠵᠤ ᠠᠬᠤᠶ ᠨᠡᠶᠢᠭᠡᠮ  ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠤᠶᠠᠯᠳᠤᠯ ᠤᠨ ᠴᠢᠭ᠂ ᠵᠠᠩᠭᠢᠯᠠᠭ᠎ᠠ ᠶᠢᠨ ᠴᠢᠭ᠂ ᠬᠦᠴᠦᠯᠡᠬᠦ ᠴᠢᠭ ᠢ ᠣᠨᠣᠪᠴᠢᠲᠠᠶ ᠣᠯᠵᠤ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂ ᠬᠥᠭᠵᠢᠯᠲᠡ ᠶᠢᠨ ᠰᠢᠨ᠎ᠡ ᠪᠠᠶᠢᠳᠠᠯ  ᠢ ᠲᠠᠰᠤᠷᠠᠯᠲᠠ ᠥᠬᠡᠶ ᠡᠭᠦᠳᠪᠡ᠃      ᠲᠦᠷᠪᠡ ᠳᠤ᠂ ᠠᠯᠤᠰ ᠬᠡᠳᠤ ᠶᠢᠨ ᠵᠢᠯᠤᠭᠤᠳᠤᠯᠭ᠎ᠠ ᠪᠣᠯᠤᠨ ᠪᠣᠳᠠᠲᠠᠢ ᠠᠵᠢᠯᠯᠠᠭ᠎ᠠ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠪᠠ᠃ ᠢᠷᠡᠭᠡᠳᠦᠶ ᠶᠢᠨ ᠬᠥᠭᠵᠢᠯᠲᠡ ᠶᠢᠨ ᠬᠠᠨᠳᠤᠰᠢ ᠪᠠ ᠬᠤᠪᠢᠰᠤᠭᠴᠢ ᠬᠡᠮᠵᠢᠭᠳᠡᠬᠦᠨ ᠢ ᠣᠨᠣᠪᠴᠢᠲᠠᠶ ᠡᠵᠡᠮᠳᠡᠵᠦ᠂ ᠰᠡᠳᠬᠢᠮᠵᠢ ᠳᠤᠷᠠᠳᠤᠨ᠂ ᠵᠠᠷᠴᠢᠮ ᠢᠶᠠᠨ ᠲᠣᠳᠣᠷᠬᠠᠶᠢᠯᠠᠵᠤ᠂ ᠴᠢᠭᠯᠡᠯ ᠢᠶᠠᠨ ᠬᠥᠲᠥᠯᠦᠨ ᠳᠠᠭᠠᠭᠤᠯᠤᠭᠰᠠᠨ ᠰᠠᠭᠤᠷᠢᠨ ᠳᠡᠭᠡᠷ᠎ᠡ᠂ ᠪᠣᠯᠤᠮᠵᠢᠲᠤ ᠴᠢᠨᠠᠷ ᠢᠶᠠᠨ ᠳᠣᠪᠣᠶᠢᠯᠭᠠᠨ᠂ ᠠᠯᠢ ᠴᠢᠳᠠᠬᠤ ᠪᠠᠷ ᠲᠥᠷᠥ ᠶᠢᠨ ᠪᠣᠳᠣᠯᠭ᠎ᠠ ᠶᠢᠨ ᠠᠷᠭ᠎ᠠ ᠵᠠᠮ ᠭᠠᠷᠭᠠᠵᠤ᠂ ᠪᠣᠳᠠᠲᠠᠶ ᠲᠤᠯᠭᠠᠭᠤᠷᠢᠯᠠᠯ ᠢ ᠵᠢᠭᠰᠠᠭᠠᠨ ᠭᠠᠷᠭᠠᠵᠤ᠂ ᠠᠬᠢᠭᠤᠯᠬᠤ ᠲᠣᠭᠲᠠᠴᠠ ᠪᠠᠨ ᠲᠡᠭᠦᠯᠳᠡᠷᠵᠢᠭᠦᠯᠦᠨ᠂ ᠲᠥᠯᠥᠪᠵᠢᠭᠦᠯᠭᠡ ᠶᠢᠨ ᠰᠠᠨᠠᠭᠤᠯᠭ᠎ᠠ ᠶᠢᠨ ᠤᠷᠢᠳᠠᠴᠢ ᠴᠢᠨᠠᠷ᠂ ᠴᠢᠭᠯᠡᠭᠦᠯᠦᠯᠲᠦ ᠴᠢᠨᠠᠷ᠂ ᠬᠡᠷᠡᠭᠵᠢᠭᠦᠯᠦᠯᠳᠦ ᠴᠢᠨᠠᠷ ᠢ ᠴᠢᠩᠭᠠᠷᠠᠭᠤᠯᠪᠠ᠃      ᠰᠠᠨᠠᠭᠤᠯᠭ᠎ᠠ ᠶᠢᠨ ᠨᠤᠤᠷᠠᠭ ᠢ ᠭᠤᠷᠪᠠᠨ ᠶᠡᠭᠡ ᠬᠡᠰᠡᠭ᠂ ᠳᠣᠯᠣᠭᠠᠨ ᠬᠡᠰᠡᠭ ᠬᠤᠪᠢᠶᠠᠵᠠᠢ᠃ ᠨᠢᠭᠡᠳᠦᠭᠡᠷ ᠶᠡᠭᠡ ᠬᠡᠰᠡᠭ ᠨᠢ ᠶᠡᠷᠦᠩᠬᠡᠢ ᠣᠨᠣᠯ ᠪᠣᠯᠤᠨ᠎ᠠ᠂ ᠡᠭᠦᠨ ᠳᠤ ᠤᠳᠤᠷᠢᠳᠬᠠᠯ ᠪᠣᠯᠤᠨ ᠨᠢᠭᠡᠳᠦᠭᠡᠷ ᠬᠡᠰᠡᠭ ᠢ ᠪᠠᠭᠲᠠᠭᠠᠵᠤ᠂ ᠭᠤᠣᠯᠳᠠᠭᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠰᠢᠢᠳᠪᠦᠷᠢᠲᠦ ᠴᠢᠨᠠᠷᠲᠠᠢ ᠠᠮᠵᠢᠯᠲᠠ᠂ ᠰᠢᠨ᠎ᠡ ᠬᠥᠭᠵᠢᠯᠲᠡ ᠶᠢᠨ ᠱᠠᠲᠤᠨ ᠳᠤ ᠲᠤᠯᠭᠠᠷᠠᠵᠤ ᠪᠠᠶᠢᠭ᠎ᠠ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ 2035 ᠣᠨ ᠤ ᠠᠯᠤᠰ ᠤᠨ ᠬᠠᠷᠠᠯᠲᠠ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠲᠣᠳᠣᠷᠬᠠᠶᠢᠯᠠᠨ ᠥᠭᠦᠯᠡᠪᠡ᠃ ᠬᠤᠶᠠᠳᠤᠭᠠᠷ ᠶᠡᠭᠡ ᠬᠡᠰᠡᠭ ᠨᠢ ᠰᠠᠯᠪᠤᠷᠢ ᠣᠨᠣᠯ ᠪᠣᠯᠤᠨ᠎ᠠ᠂ ᠡᠭᠦᠨ  ᠳᠤ ᠬᠤᠶᠠᠳᠤᠭᠠᠷ ᠠᠴᠠ ᠵᠢᠷᠭᠤᠳᠤᠭᠠᠷ ᠬᠡᠰᠡᠭ ᠢ ᠪᠠᠭᠲᠠᠭᠠᠵᠤ᠂ ᠶᠡᠷᠦᠩᠬᠡᠶ ᠳᠡᠭᠡᠨ ᠠᠮᠢ ᠠᠬᠤᠶ ᠶᠢᠨ ᠶᠠᠰᠤ ᠴᠢᠨᠠᠷ ᠨᠠᠩ ᠥᠨᠳᠥᠷ᠂ ᠬᠡᠯᠪᠡᠷᠢ ᠪᠠᠨ ᠬᠤᠪᠢᠷᠠᠭᠤᠯᠬᠤ ᠠᠯᠬᠤᠮ ᠨᠠᠩ ᠲᠦᠷᠭᠡᠨ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠠᠩ ᠭᠦᠶᠴᠡᠳ᠂ ᠬᠤᠲᠠ ᠶᠢᠨ ᠴᠢᠳᠠᠮᠵᠢ ᠨᠠᠩ ᠴᠢᠩᠭ᠎ᠠ᠂ ᠠᠮᠢᠳᠤᠷᠠᠯ ᠤᠨ ᠴᠢᠨᠠᠷ ᠴᠢᠨᠰᠠᠭ᠎ᠠ ᠨᠠᠩ ᠰᠢᠯᠢᠳᠡᠭ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠭᠤᠤᠯ ᠬᠠᠷᠠᠯᠲᠠ ᠶᠢ ᠦᠨᠳᠦᠰᠦᠯᠡᠨ ᠵᠣᠬᠢᠶᠠᠨ ᠪᠠᠶᠢᠭᠤᠯᠬᠤ ᠪᠤᠯᠤᠨ᠎ᠠ᠃ ᠡᠭᠦᠨ ᠳᠤ᠂ ᠬᠤᠶᠠᠳᠤᠭᠠᠷ ᠬᠡᠰᠡᠭ ᠲᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠶᠠᠰᠤ ᠴᠢᠨᠠᠷ ᠢ ᠨᠠᠩ ᠥᠨᠳᠥᠷ ᠪᠤᠯᠭᠠᠨ ᠪᠡᠶᠡᠯᠡᠬᠦᠯᠬᠦ ᠶᠢ ᠦᠬᠦᠯᠡᠪᠡ᠃ ᠭᠤᠷᠪᠠᠳᠤᠭᠠᠷ ᠬᠡᠰᠡᠭ ᠲᠤ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠥᠭᠵᠢᠭᠦᠯᠵᠦ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠪᠠᠨ ᠨᠡᠩ ᠲᠦᠷᠭᠡᠨ ᠪᠣᠯᠭᠠᠬᠤ ᠶᠢ ᠦᠬᠦᠯᠡᠪᠡ᠃ ᠳᠥᠷᠪᠡᠳᠦᠭᠡᠷ ᠬᠡᠰᠡᠭ ᠲᠤ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠰᠣᠯᠢᠭᠳᠠᠯ  ᠢ ᠲᠦᠷᠭᠡᠳᠬᠡᠵᠦ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠨᠡᠩ ᠭᠦᠢᠴᠡᠳ ᠪᠣᠯᠭᠠᠬᠤ ᠶᠢ ᠦᠭᠦᠯᠡᠪᠡ᠃ ᠲᠠᠪᠤᠳᠤᠭᠠᠷ ᠬᠡᠰᠡᠭ ᠲᠤ ᠬᠥᠮᠦᠨ ᠢᠶᠠᠷ ᠭᠤᠣᠯᠯᠠᠭᠤᠯᠤᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠲᠦᠯᠬᠢᠨ ᠠᠬᠢᠭᠤᠯᠵᠤ᠂ ᠬᠤᠳᠠ ᠶᠢᠨ ᠴᠢᠳᠠᠮᠵᠢ ᠶᠢ ᠨᠡᠩ ᠴᠢᠩᠭ᠎ᠠ ᠪᠤᠯᠭᠠᠨ ᠪᠡᠶᠡᠯᠡᠬᠦᠯᠬᠦ ᠶᠢ ᠦᠬᠦᠯᠡᠪᠡ᠃ ᠵᠢᠷᠭᠤᠳᠤᠭᠠᠷ ᠬᠡᠰᠡᠭ ᠲᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠡᠩ ᠰᠢᠯᠢᠳᠡᠭ ᠪᠣᠯᠭᠠᠬᠤ ᠶᠢ ᠦᠬᠦᠯᠡᠪᠡ᠃ ᠭᠤᠷᠪᠠᠳᠤᠭᠠᠷ ᠶᠡᠭᠡ ᠬᠡᠰᠡᠭ ᠨᠢ ᠲᠡᠭᠦᠰᠬᠡᠯ ᠪᠤᠯᠤᠨ᠎ᠠ᠂ ᠳᠣᠯᠣᠳᠤᠭᠠᠷ ᠬᠡᠰᠡᠭ ᠪᠠ ᠲᠡᠭᠦᠰᠬᠡᠯ ᠤᠨ ᠦᠭᠡ ᠶᠢ ᠪᠠᠭᠲᠠᠭᠠᠵᠤ᠂ ᠭᠤᠣᠯᠳᠠᠭᠤ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ᠂ ᠨᠡᠶᠢᠭᠡᠮ ᠵᠢᠷᠤᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠬᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ᠂ ᠲᠥᠯᠥᠪᠵᠢᠭᠦᠯᠭᠡ ᠲᠣᠭᠲᠠᠭᠠᠬᠤ ᠪᠠ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠬᠦᠯᠬᠦ ᠵᠡᠷᠭᠡ ᠠᠭᠤᠯᠭ᠎ᠠ ᠶᠢ ᠲᠣᠳᠣᠷᠬᠠᠶᠢᠯᠠᠨ ᠥᠭᠦᠯᠡᠪᠡ᠃      ᠭᠤᠷᠪᠠ᠂ ᠲᠣᠳᠣᠷᠬᠠᠶᠢᠯᠠᠬᠤ ᠴᠢᠬᠤᠯᠠᠲᠠᠢ ᠬᠡᠳᠦᠨ ᠭᠤᠣᠯᠳᠠᠯᠭ᠎ᠠ ᠲᠠᠢ ᠠᠰᠠᠭᠤᠳᠠᠯ      ᠨᠢᠭᠡ ᠳᠤ᠂ 2035 ᠣᠨ ᠤ ᠠᠯᠤᠰ ᠤᠨ ᠬᠠᠷᠠᠯᠲᠠ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠬᠠᠷᠠᠯᠲᠠ ᠶᠢᠨ ᠲᠤᠬᠠᠢ᠃ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠰᠠᠨᠠᠭᠤᠯᠭ᠎ᠠ ᠶᠢᠨ ᠨᠣᠤᠷᠠᠭ ᠢ ᠪᠣᠳᠠᠲᠠᠶ ᠲᠠᠢ ᠪᠠᠨ ᠤᠶᠠᠯᠳᠤᠭᠤᠯᠤᠨ᠂ ᠵᠦᠶᠯ ᠳᠠᠷᠠᠭᠠᠯᠠᠨ ᠬᠠᠷᠭᠤᠭᠤᠯᠵᠤ᠂ 2035 ᠣᠨ ᠪᠣᠯᠬᠤ ᠳᠤ ᠮᠠᠨ ᠤ ᠬᠤᠲᠠ ᠪᠥᠬᠦ ᠤᠯᠤᠰ ᠪᠥᠬᠦ ᠣᠷᠣᠨ ᠲᠠᠢ ᠬᠠᠮᠲᠤ  ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠯᠤᠰ ᠤᠨ ᠬᠠᠷᠠᠯᠲᠠ ᠶᠢ ᠲᠣᠳᠣᠷᠬᠠᠶᠢᠯᠠᠬᠤ ᠶᠢᠨ ᠬᠠᠮᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠬᠠᠷᠠᠯᠲᠠ ᠶᠢ 2035 ᠣᠨ ᠤ ᠠᠯᠤᠰ ᠤᠨ ᠬᠠᠷᠠᠯᠲᠠ ᠲᠠᠢ ᠨᠡᠪᠲᠡᠷᠡᠭᠦᠯᠦᠨ ᠨᠢᠭᠡᠳᠦᠯᠲᠡᠶ ᠪᠤᠲᠤᠯᠬᠢᠯᠠᠨ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠠᠷᠭ᠎ᠠ ᠰᠦᠪᠡᠭᠴᠢᠯᠡᠬᠦ ᠪᠤᠯᠤᠨ᠎ᠠ᠃ ᠡᠳᠡᠭᠡᠷ ᠬᠠᠷᠠᠯᠲᠠ ᠶᠢ ᠳᠤᠷᠠᠳᠤᠭᠰᠠᠨ ᠨᠢ ᠬᠡᠷᠡᠭᠴᠡᠭᠡ ᠪᠣᠯᠤᠨ ᠪᠣᠯᠤᠯᠴᠠᠭ᠎ᠠ ᠶᠢ ᠬᠠᠮᠲᠤ ᠳᠤᠨᠢ ᠬᠠᠷᠠᠭᠠᠯᠵᠠᠵᠤ᠂ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠮᠥᠷᠲᠡᠭᠡᠨ ᠪᠠᠰᠠ ᠦᠨᠡᠨ ᠠᠴᠠ ᠵᠥᠪ ᠢ ᠡᠷᠢᠬᠦ᠂ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠵᠦ᠂ ᠪᠦᠬᠦ ᠬᠤᠲᠠ ᠶᠢᠨ ᠲᠡᠭᠡᠲᠤ ᠳᠣᠣᠷᠠᠳᠤ ᠱᠠᠲᠤᠨ ᠤ ᠦᠵᠡᠯ ᠰᠠᠨᠠᠭ᠎ᠠ ᠪᠠᠨ ᠨᠢᠭᠡᠳᠬᠡᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠳᠤ ᠠᠰᠢᠭᠲᠠᠢ ᠶᠤᠮ᠃ ᠰᠠᠨᠠᠭᠤᠯᠭ᠎ᠠ ᠶᠢᠨ ᠨᠣᠤᠷᠠᠭ ᠲᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠲᠤᠬᠠᠶ ᠰᠢᠨᠵᠢ ᠴᠢᠨᠠᠷ ᠢ ᠲᠣᠭᠲᠠᠭᠠᠬᠤ ᠲᠣᠭᠠᠴᠢᠯᠲᠠ ᠪᠠᠷ ᠭᠤᠤᠯ ᠪᠣᠯᠭᠠᠵᠤ᠂ ᠬᠡᠮᠵᠢᠶ᠎ᠡ ᠶᠢ ᠲᠣᠭᠲᠠᠭᠠᠬᠤ ᠠᠷᠭ᠎ᠠ ᠬᠡᠯᠪᠡᠷᠢ ᠶᠢ ᠠᠪᠴᠠᠶ᠂ ᠡᠨᠡ ᠨᠢ ᠭᠤᠤᠯᠳᠠᠭᠤ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠠᠵᠢᠯ ᠤᠨ ᠭᠤᠤᠯᠳᠠᠯᠭ᠎ᠠ ᠪᠠᠨ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠦᠭᠵᠢᠯᠳᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠡᠭᠡᠷ᠎ᠡ ᠲᠠᠯᠪᠢᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠳᠡᠭᠡᠷ᠎ᠡ ᠲᠠᠯᠪᠢᠬᠤ ᠶᠢ ᠪᠣᠳᠣᠯᠬᠢᠯᠠᠭᠰᠠᠨ ᠪᠠᠶᠢᠨ᠎ᠠ᠃ ᠰᠠᠨᠠᠯ ᠬᠤᠷᠢᠶᠠᠬᠤ ᠶᠠᠪᠤᠴᠠ ᠳᠤ᠂ ᠵᠠᠷᠢᠮ ᠨᠥᠬᠦᠳ ᠲᠣᠭᠲᠠᠭᠰᠠᠨ ᠬᠡᠮᠵᠢᠶᠡᠨ ᠤ ᠬᠦᠢᠴᠡᠳᠭᠡᠯ ᠲᠤᠭ᠎ᠠ ᠶᠢ ᠵᠣᠬᠢᠰᠲᠠᠢ ᠨᠡᠮᠡᠨ᠎ᠡ ᠭᠡᠵᠦ ᠳᠤᠷᠠᠳᠴᠠᠢ᠂ ᠪᠢᠳᠡ ᠬᠤᠲᠠ ᠶᠢᠨ ᠨᠠᠮ ᠤᠨ ᠬᠤᠷᠢᠶᠠᠨ ᠤ ᠰᠠᠨᠠᠭᠤᠯᠭ᠎ᠠ ᠨᠢ ᠭᠤᠣᠯᠳᠠᠭᠤ ᠴᠢᠭᠯᠡᠯ ᠢ ᠬᠠᠮᠢᠶᠠᠷᠴᠤ ᠪᠠᠶᠬᠤ ᠶᠢ ᠪᠣᠳᠣᠯᠬᠢᠯᠠᠵᠤ᠂ ᠲᠥᠯᠥᠪᠵᠢᠭᠦᠯᠭᠡ ᠶᠢᠨ ᠬᠥᠲᠥᠯᠪᠦᠷᠢ ᠶᠢ  ᠨᠠᠶᠢᠷᠠᠭᠤᠯᠬᠤ ᠳᠤ ᠨᠠᠷᠢᠨ ᠬᠢᠨᠠᠮᠠᠭᠠᠢ ᠬᠡᠮᠵᠢᠨ ᠪᠣᠳᠣᠭᠰᠠᠨ ᠰᠠᠭᠤᠷᠢᠨ ᠳᠡᠭᠡᠷ᠎ᠡ᠂ ᠵᠣᠬᠢᠬᠤ ᠬᠡᠮᠵᠢᠶᠡᠨ ᠤ ᠬᠠᠷᠠᠯᠲᠠ ᠶᠢ ᠲᠤᠷᠠᠳᠪᠠ᠃      ᠬᠤᠶᠠᠷ ᠲᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ᠃ ᠶᠡᠷᠦᠩᠬᠡᠶ ᠱᠦᠵᠢ ᠰᠢ ᠶᠢᠨ ᠫᠢᠩ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠤᠷᠢᠳ ᠬᠤᠵᠢᠳ ᠲᠠᠪᠤ ᠤᠳᠠᠭ᠎ᠠ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠲᠠᠯᠪᠢᠵᠤ᠂ ᠤᠳᠠᠭ᠎ᠠ ᠪᠦᠷᠢ ᠴᠥᠮ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠴᠢᠬᠤᠯᠠ ᠱᠠᠭᠠᠷᠳᠠᠯᠭ᠎ᠠ ᠳᠤᠷᠠᠳᠴᠠᠶ᠃ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠶᠡᠷᠦᠩᠬᠡᠢ ᠱᠦᠵᠢ᠄ ︽ᠦᠬᠠᠢ ᠵᠢᠴᠢ ᠡᠷᠬᠢᠨ ᠲᠣᠭᠤᠷᠢᠨ  ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ︾ ᠬᠡᠵᠦ ᠣᠨᠴᠠᠭᠠᠶᠢᠯᠠᠨ ᠵᠢᠭᠠᠵᠤ ᠭᠠᠷᠭᠠᠵᠠᠢ᠃ ᠡᠨᠡ ᠪᠣᠯ ᠥᠪᠡᠷᠲᠡᠭᠡᠨ ᠵᠠᠰᠠᠬᠤ ᠣᠷᠣᠨ ᠳᠤ ᠲᠠᠯᠪᠢᠭᠰᠠᠨ ᠤᠯᠤᠰ ᠲᠥᠷᠦ ᠶᠢᠨ ᠱᠠᠭᠠᠷᠳᠠᠯᠭ᠎ᠠ᠂ ᠨᠠᠩ ᠴᠤ ᠮᠠᠨ ᠤ ᠬᠤᠲᠠ ᠶᠢᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤ ᠪᠠᠰᠠ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ︾ ᠭᠡᠵᠦ ᠲᠣᠳᠣᠷᠬᠠᠢ ᠳᠤᠷᠠᠳᠴᠠᠢ᠃ ᠮᠠᠨ ᠤ ᠬᠤᠳᠠ ᠳᠤ ᠠᠪᠴᠤ ᠬᠡᠯᠡᠪᠡᠯ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠡᠷᠬᠡᠪᠰᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ  ᠶᠢ ᠲᠡᠷᠢᠭᠦᠨ ᠳᠤ ᠲᠠᠯᠪᠢᠬᠤ ᠬᠡᠷᠡᠭᠲᠡᠢ᠂ ᠡᠨᠡ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠤᠷᠢᠲᠠᠯ ᠪᠠ ᠢᠯᠡ ᠲᠣᠳᠣ ᠤᠳᠤᠷᠢᠳᠤᠮᠵᠢ ᠪᠣᠯᠤᠨ᠎ᠠ᠃ ᠰᠠᠨᠠᠭᠤᠯᠭ᠎ᠠ ᠶᠢᠨ ᠨᠣᠣᠷᠠᠭ ᠨᠢ ᠶᠡᠷᠦᠩᠬᠡᠶ ᠱᠠᠭᠠᠷᠳᠠᠯᠭ᠎ᠠ᠂ ᠬᠥᠭᠵᠢᠯᠲᠡ ᠶᠢᠨ ᠬᠠᠷᠠᠯᠲᠠ ᠲᠤᠭᠳᠠᠭᠠᠬᠤ ᠠᠴᠠ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠬᠤ᠂ ᠴᠢᠬᠤᠯᠠ ᠠᠷᠭ᠎ᠠ ᠬᠡᠮᠵᠢᠶ᠎ᠡ ᠬᠦᠷᠳᠡᠯ᠎ᠡ᠂ ᠪᠦᠷ ᠡᠨᠡ ᠬᠦ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠤ᠂ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠰᠢᠰᠲ᠋ᠧᠮ ᠲᠠᠢ ᠪᠠᠶᠢᠷᠢᠯᠠᠭᠤᠯᠤᠯᠲᠠ ᠬᠢᠬᠦ ᠵᠣᠷᠢᠯᠭ᠎ᠠ ᠨᠢ ᠳᠠᠷᠤᠶ ᠪᠦᠬᠦ ᠬᠤᠲᠠ ᠶᠢᠨ ᠳᠡᠭᠡᠷ᠎ᠡ ᠳᠣᠤᠷ᠎ᠠ ᠱᠠᠲᠤ ᠪᠦᠬᠦ ᠣᠷᠣᠨ ᠪᠦᠰᠡ ᠪᠦᠬᠦ ᠶᠠᠪᠤᠴᠠ ᠳᠤ ᠠᠮᠢ ᠠᠬᠤᠶ ᠶᠢ ᠤᠷᠢᠳᠠᠪᠠᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠶᠢ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ ᠢ ᠲᠦᠷᠭᠡᠪᠴᠢᠯᠡᠨ ᠪᠤᠢ ᠪᠤᠯᠭᠠᠵᠤ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ᠂ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠠᠬᠢᠭᠤᠯᠬᠤ ᠪᠠᠷ ᠴᠢᠷᠮᠠᠶᠢᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠳᠤᠮᠳᠠ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠪᠤᠯᠤᠨ᠎ᠠ᠃      ᠭᠤᠷᠪᠠ ᠳᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠶᠢ ᠲᠦᠯᠬᠢᠨ ᠠᠬᠢᠭᠤᠯᠬᠤ ᠲᠤᠬᠠᠢ᠃ ᠮᠠᠨ ᠤ ᠬᠤᠲᠠ ᠪᠣᠯ ᠡᠬᠢ ᠪᠠᠶᠠᠯᠢᠭ ᠤᠨ ᠬᠡᠯᠪᠡᠷᠢ ᠶᠢᠨ ᠠᠵᠤ ᠦᠶᠯᠡᠳᠪᠦᠷᠢ ᠶᠢᠨ ᠨᠡᠶᠢᠲᠡᠯᠢᠭ ᠬᠤᠲᠠ ᠮᠥᠨ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ ᠳᠥᠯᠭᠢᠨ ᠠᠬᠢᠭᠤᠯᠬᠤ ᠪᠣᠯ ᠪᠢᠳᠡᠨ ᠳᠤ ᠢᠮᠠᠭᠲᠠ ᠲᠤᠯᠭᠠᠷᠠᠵᠤ ᠪᠠᠶᠢᠭ᠎ᠠ ᠴᠢᠬᠤᠯᠠ ᠶᠡᠭᠡ ᠰᠡᠳᠦᠪ ᠪᠣᠯᠤᠨ᠎ᠠ᠃ ︽ᠨᠡᠭᠦᠷᠡᠰᠦ  ᠪᠠᠷ ᠭᠤᠣᠯ ᠪᠣᠯᠭᠠᠭᠰᠠᠨ︾ ᠠᠵᠤ ᠦᠢᠯᠡᠰ ᠤᠨ ᠪᠠᠶᠢᠷᠢᠰᠢᠭᠤᠯᠤᠯᠲᠠ ᠨᠢ ᠠᠵᠤ ᠠᠬᠤᠢ ᠶᠢᠨ ᠲᠦᠷᠭᠡᠨ ᠬᠥᠭᠵᠢᠯᠲᠡ  ᠶᠢ ᠠᠬᠢᠭᠤᠯᠤᠭᠰᠠᠨ ᠪᠣᠯᠪᠠᠴᠤ ᠡᠭᠦᠨ ᠤ ᠵᠡᠷᠭᠡ ᠪᠠᠷ ᠪᠠᠰᠠ ᠮᠠᠰᠢ ᠤᠯᠠᠨ ᠬᠥᠭᠵᠢᠯᠲᠡ ᠶᠢᠨ ᠵᠥᠷᠢᠴᠡᠯ ᠪᠣᠯᠤᠨ ᠠᠰᠠᠭᠤᠳᠠᠯ ᠡᠭᠦᠰᠴᠡᠢ᠃ ᠢᠯᠠᠩᠭᠤᠶ᠎ᠠ ᠣᠳᠣᠬᠠᠨ ᠤ ᠠᠮᠢ ᠠᠬᠤᠢ ᠶᠢᠨ ᠣᠷᠴᠢᠨ ᠲᠤᠭᠤᠷᠢᠨ᠂ ᠤᠰᠤᠨ ᠤ ᠭᠦᠢᠴᠡᠳᠬᠡᠯ ᠲᠤᠭ᠎ᠠ᠂ ᠡᠨᠧᠷᠭᠢ ᠶᠢᠨ ᠬᠤᠷᠣᠭᠳᠠᠭᠤᠯᠤᠯ ᠵᠡᠷᠭᠡ ᠡᠯᠧᠮᠧᠨ᠋ᠲ ᠤᠨ ᠬᠢᠵᠠᠭᠠᠷᠯᠠᠯ ᠬᠡᠴᠡᠭᠦᠳᠡᠵᠦ᠂ ᠬᠥᠭᠵᠢᠯᠲᠡ ᠶᠢᠨ ᠭᠠᠳᠠᠭᠠᠳᠤ ᠣᠷᠴᠢᠨ ᠲᠤᠭᠤᠷᠢᠨ ᠡᠳᠦᠷ ᠢᠷᠡᠬᠦᠶ᠎ᠡ ᠪᠤᠳᠤᠯᠢᠶᠠᠨᠲᠠᠢ ᠪᠤᠯᠵᠤ ᠪᠠᠶᠢᠭ᠎ᠠ ᠪᠠᠶᠢᠳᠠᠯ ᠤᠨ ᠳᠣᠣᠷ᠎ᠠ᠂ ᠤᠯᠠᠮᠵᠢᠯᠠᠯᠲᠤ ᠬᠥᠭᠵᠢᠯᠲᠡ ᠶᠢᠨ ᠠᠷᠭ᠎ᠠ ᠮᠠᠶ᠋ᠢᠭ ᠨᠢᠭᠡᠨᠲᠡ ᠦᠷᠭᠦᠯᠵᠢᠯᠡᠬᠦᠶ᠎ᠡ ᠪᠡᠷᠬᠡ ᠪᠤᠯᠵᠤ᠂ ᠠᠵᠤ ᠠᠬᠤᠢ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠶᠠᠪᠤᠳᠠᠯ ᠨᠡᠩ ᠲᠤᠯᠭᠠᠮ᠎ᠠ ᠪᠣᠯᠣᠭᠠᠳ ᠪᠠᠶᠢᠨ᠎ᠠ᠃ ᠭᠠᠭᠴᠠ ᠬᠦ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠲᠦᠷᠭᠡᠪᠴᠢᠯᠡᠨ ᠬᠤᠪᠢᠷᠠᠭᠤᠯᠵᠤ᠂ ᠠᠵᠤ ᠠᠬᠤᠢ  ᠶᠢᠨ ᠪᠦᠲᠦᠴᠡ ᠪᠠᠨ ᠰᠢᠯᠢᠳᠡᠭᠵᠢᠭᠦᠯᠦᠨ᠂ ᠨᠡᠮᠡᠭᠳᠡᠯ ᠤᠨ ᠬᠥᠳᠡᠯᠭᠡᠭᠴᠢ ᠬᠦᠴᠦᠨ ᠢᠶᠠᠨ ᠬᠤᠪᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠪᠠᠯ ᠪᠢᠳᠡ ᠰᠠᠶ᠋ᠢ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠵᠤ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠲᠠᠰᠤᠷᠠᠯᠳᠠ ᠦᠭᠡᠢ ᠥᠷᠭᠡᠳᠬᠡᠵᠦ ᠴᠢᠳᠠᠨ᠎ᠠ᠃ ᠰᠠᠨᠠᠭᠤᠯᠭ᠎ᠠ ᠶᠢᠨ ᠨᠣᠤᠷᠠᠭ ᠨᠢ ᠮᠠᠨ ᠤ ᠬᠤᠲᠠ ᠶᠢᠨ ᠠᠵᠣ ᠦᠢᠯᠡᠰ ᠤᠨ ᠬᠥᠭᠵᠢᠯᠲᠡ ᠶᠢᠨ ᠰᠠᠭᠤᠷᠢ ᠪᠠ ᠣᠨᠴᠠᠯᠢᠭ ᠲᠤ ᠰᠠᠭᠤᠷᠢᠯᠠᠵᠤ᠂ ᠤᠯᠠᠮᠵᠢᠯᠠᠯᠲᠤ ᠳᠠᠪᠠᠭᠤᠯᠢᠭ ᠠᠵᠤ ᠦᠶᠯᠡᠰ ᠢ ᠬᠦᠴᠦᠷᠬᠡᠭᠵᠢᠭᠦᠯᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠶᠯᠡᠰ ᠢ ᠪᠤᠵᠠᠭᠠᠶᠢᠷᠠᠭᠤᠯᠬᠤ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠢ ᠬᠥᠭᠵᠢᠭᠦᠯᠬᠦ᠂ ᠴᠢᠨᠠᠷ ᠰᠠᠶᠢᠲᠠᠶ ᠤᠨᠴᠠᠯᠢᠬᠳᠤ ᠲᠠᠷᠢᠶᠠᠯᠠᠩ ᠢ ᠪᠣᠶᠢᠵᠢᠭᠤᠯᠬᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠣᠯᠠᠨ ᠲᠠᠯ᠎ᠠ  ᠠᠴᠠ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠬᠠᠶ ᠪᠠᠶᠢᠷᠢᠯᠠᠭᠤᠯᠤᠯᠲᠠ ᠬᠢᠪᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠭ᠎ᠠ ᠶᠢ ᠲᠦᠷᠭᠡᠳᠬᠡᠬᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠭᠠᠳᠠᠭᠠᠳᠤ ᠨᠡᠬᠡᠬᠡᠯᠳᠡ ᠶᠢ ᠥᠷᠭᠡᠳᠬᠡᠬᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠮᠡᠭᠳᠡᠭᠦᠯᠬᠦ᠂ ᠬᠡᠷᠡᠭᠯᠡᠭᠡ ᠶᠢ ᠲᠡᠰ ᠳᠡᠪᠰᠢᠭᠦᠯᠬᠦ ᠶᠢ ᠠᠬᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠵᠡᠷᠭᠡ ᠤᠯᠠᠨ ᠠᠷᠭ᠎ᠠ ᠵᠠᠮ ᠢᠶᠠᠷ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠬᠤᠪᠢᠷᠠᠭᠤᠯᠬᠤ ᠶᠢ ᠲᠥᠯᠥᠪᠵᠢᠭᠦᠯᠬᠦ ᠨᠢ ᠪᠢᠳᠡᠨ ᠤ ᠤᠯᠠᠮᠵᠢᠯᠠᠯᠲᠤ ᠠᠷᠭ᠎ᠠ ᠵᠠᠮ ᠳᠤ ᠲᠦᠰᠢᠭᠯᠡᠬᠦ ᠠᠴᠠ ᠠᠩᠭᠢᠵᠢᠷᠠᠵᠤ᠂ ᠨᠡᠭᠦᠷᠡᠰᠦ  ᠠᠴᠠ ᠪᠣᠯᠤᠭᠰᠠᠨ ᠬᠦᠴᠢᠷᠳᠡᠯ ᠢ ᠰᠢᠢᠳᠪᠦᠷᠢᠯᠡᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠳᠤ ᠠᠰᠢᠭᠲᠠᠢ ᠶᠤᠮ᠃      ᠲᠦᠷᠪᠡ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠤᠬᠠᠢ᠃ ᠠᠷᠠᠳ ᠤᠨ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠠᠷᠠᠳ ᠤᠨ ᠠᠮᠢᠳᠤᠷᠠᠯ ᠠᠷᠠᠳ ᠤᠨ ᠰᠡᠳᠬᠢᠯ ᠢ ᠬᠤᠯᠪᠣᠵᠤ ᠪᠠᠶᠢᠳᠠᠭ᠃ ᠰᠢᠨ᠎ᠡ ᠬᠥᠭᠵᠢᠯᠲᠡ ᠶᠢᠨ ᠱᠠᠲᠤᠨ ᠳᠤ ᠣᠷᠣᠭᠠᠳ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ  ᠤᠨ ᠲᠤᠬᠠᠢ ᠬᠦᠰᠡᠯ ᠡᠷᠡᠮᠡᠯᠵᠡᠯ ᠨᠢ ᠨᠢᠭᠡᠨᠲᠡ ᠦᠨᠳᠦᠰᠦᠨ ᠬᠡᠷᠡᠭᠴᠡᠭᠡ ᠠᠴᠠ ᠪᠠᠨ ᠨᠡᠩ ᠲᠣᠭᠲᠠᠭᠤᠨ ᠠᠵᠢᠯ᠂ ᠨᠡᠩ ᠬᠠᠨᠤᠮᠵᠢᠲᠠᠢ ᠣᠷᠣᠯᠭ᠎ᠠ᠂ ᠨᠡᠩ ᠰᠠᠶᠢᠨ ᠰᠤᠷᠭᠠᠨ ᠬᠥᠮᠦᠵᠢᠯ᠂ ᠨᠡᠩ ᠨᠠᠶᠢᠳᠠᠪᠤᠷᠢᠲᠠᠢ ᠨᠡᠶᠢᠭᠡᠮ ᠤᠨ ᠪᠠᠲᠤᠯᠠᠭ᠎ᠠ ᠂ ᠨᠡᠩ ᠥᠨᠳᠥᠷ ᠲᠦᠪᠰᠢᠨ ᠪᠦᠬᠦᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠨᠡᠩ ᠲᠠᠭᠠᠯᠠᠮᠵᠢᠲᠠᠢ ᠣᠷᠣᠨ ᠰᠠᠭᠤᠴᠠ ᠶᠢᠨ ᠨᠥᠬᠦᠴᠡᠯ᠂ ᠨᠡᠩ ᠭᠤᠶᠤ ᠰᠠᠶᠢᠬᠠᠨ ᠣᠷᠴᠢᠨ ᠲᠤᠭᠤᠷᠢᠨ ᠢ ᠬᠦᠰᠡᠨ ᠡᠷᠡᠮᠡᠯᠵᠡᠬᠦ ᠪᠤᠯᠵᠤ ᠬᠤᠪᠢᠷᠠᠪᠠ᠃ ᠬᠠᠷᠢᠴᠠᠩᠭᠤᠶ ᠪᠠᠷ ᠬᠡᠯᠡᠪᠡᠯ᠂ ᠮᠠᠨ ᠤ ᠬᠤᠲᠠ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠡᠬᠢ ᠪᠠᠶᠠᠯᠢᠭ ᠤᠨ ᠬᠠᠩᠭᠠᠯᠭ᠎ᠠ ᠭᠦᠶᠴᠡᠳ ᠪᠤᠰᠤ᠂ ᠣᠯᠠᠨ ᠨᠡᠶᠢᠲᠡ ᠶᠢᠨ ᠦᠶᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠭᠰᠠᠭᠠᠷ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠳᠤ ᠯᠤᠲᠤ ᠶᠡᠭᠡ ᠲᠠᠭᠠᠷᠢᠯᠲᠠ ᠤᠴᠠᠷᠠᠭᠤᠯᠵᠤ᠂ ᠪᠢᠳᠡᠨ ᠤ ᠠᠷᠠᠳ  ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠳᠤ ᠨᠠᠩ ᠥᠨᠳᠥᠷ᠂ ᠨᠠᠩ ᠲᠤᠯᠭᠠᠮ ᠱᠠᠭᠠᠷᠳᠠᠯᠭ᠎ᠠ ᠳᠤᠷᠠᠳᠪᠠ᠃ ᠰᠠᠨᠠᠭᠤᠯᠭ᠎ᠠ ᠶᠢᠨ ᠨᠣᠤᠷᠠᠭ ᠲᠤ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠶᠯᠡᠳᠬᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠬᠦ ᠱᠠᠭᠠᠷᠳᠠᠯᠭ᠎ᠠ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠳᠬᠤᠵᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠦᠨᠳᠦᠰᠦᠨ ᠠᠮᠢᠳᠤᠷᠠᠯ ᠢ ᠪᠠᠲᠤᠯᠠᠬᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠲᠦᠷᠢᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠤᠷᠠᠳᠴᠦ᠂ ᠪᠢᠳᠡᠨ ᠤ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠣ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠶᠢ ᠠᠬᠢᠭᠤᠯᠬᠤ ᠳᠤ ᠵᠢᠯᠣᠭᠤᠳᠣᠯᠭ᠎ᠠ ᠪᠠ ᠦᠨᠳᠦᠰᠦᠯᠡᠯ ᠬᠠᠩᠭᠠᠨ᠎ᠠ᠃      ᠬᠤᠲᠠ ᠶᠢᠨ ᠨᠠᠮ ᠤᠨ ᠬᠤᠷᠢᠶᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠶᠢ ᠬᠢᠨᠠᠨ ᠵᠥᠪᠯᠡᠵᠦ ᠪᠠᠲᠤᠯᠠᠬᠤ ᠪᠣᠯ ᠡᠨᠡ ᠤᠳᠠᠭᠠᠨ ᠤ ᠪᠥᠬᠦᠳᠡ ᠬᠤᠷᠠᠯ ᠤᠨ ᠨᠢᠭᠡᠨ ᠴᠢᠬᠤᠯᠠ ᠡᠭᠦᠷᠭᠡ ᠮᠥᠨ᠃ ᠤᠯᠠᠨ ᠢᠶᠠᠷ ᠢᠶᠠᠨ ᠨᠠᠷᠢᠨ ᠬᠢᠨᠠᠮᠠᠭᠠᠢ ᠪᠣᠳᠣᠯᠬᠢᠯᠠᠵᠤ᠂ ᠭᠦᠨᠵᠡᠭᠡᠢ ᠶᠠᠷᠢᠯᠴᠠᠵᠤ᠂ ᠨᠡᠩ ᠤᠯᠠᠨ ᠦᠵᠡᠯᠲᠡ ᠲᠠᠢ ᠰᠠᠨᠠᠯ ᠳᠤᠷᠠᠳᠬᠤ ᠶᠢ ᠬᠦᠰᠡᠵᠦ ᠪᠠᠶᠢᠨ᠎ᠠ᠂ ᠪᠢᠳᠡ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ ᠨᠢᠭᠡ ᠬᠤᠪᠢ ᠴᠢᠨᠠᠷ ᠰᠠᠶᠢᠲᠠᠢ ᠲᠥᠯᠥᠪᠵᠢᠭᠦᠯᠭᠡ  ᠶᠢᠨ ᠰᠠᠨᠠᠭᠤᠯᠭ᠎ᠠ ᠲᠤᠭᠳᠠᠭᠠᠬᠤ ᠶᠢ ᠬᠦᠰᠡᠵᠦ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号