ᠱᠢ ᠸᠠᠨ ᠵᠢᠶᠦ᠋ᠨ᠄ ᠵᠣᠷᠢᠭ ᠰᠠᠨᠠᠭᠠᠨ ᠤ ᠮᠥᠨ ᠴᠢᠨᠠᠷ ᠢ ᠰᠢᠰᠲ᠋ᠧᠮ ᠲᠠᠢ ᠣᠶᠢᠯᠠᠭᠠᠵᠤ ᠡᠯ᠎ᠡ ᠵᠦᠶᠯ ᠤᠨ ᠠᠵᠢᠯ ᠢᠶᠠᠨ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/1/28

     ᠱᠢ ᠸᠠᠨ ᠵᠢᠶᠦ᠋ᠨ ᠦᠬᠠᠶ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠵᠠᠰᠠᠭ ᠤᠨ ᠣᠷᠳᠣᠨ ᠤ

ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠡᠭᠡᠨ ᠴᠢᠬᠤᠯᠠᠴᠢᠯᠠᠭᠰᠠᠨ ᠨᠢ᠂ ᠵᠣᠷᠢᠭ ᠰᠠᠨᠠᠭᠠᠨ ᠤ ᠮᠥᠨ ᠴᠢᠨᠠᠷ ᠢ

ᠰᠢᠰᠲ᠋ᠧᠮ ᠲᠠᠢ ᠣᠶᠢᠯᠠᠭᠠᠵᠤ ᠡᠯ᠎ᠡ ᠵᠦᠶᠯ ᠤᠨ ᠠᠵᠢᠯ ᠢᠶᠠᠨ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ

︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠠᠬᠢᠭᠤᠯᠬᠤ ᠬᠡᠷᠡᠭᠲᠡᠶ

ᠭᠡᠪᠡ᠃

     1 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠭᠰᠠᠨ ᠦᠬᠠᠶ ᠬᠤᠲᠠ

 ᠶᠢᠨ ᠲᠥᠯᠥᠭᠡᠯᠡᠭᠴᠢᠳ ᠤᠨ ᠪᠦᠯᠬᠦᠮ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ︽ᠠᠷᠪᠠᠨ ᠳᠥᠷᠪᠡᠳᠦᠭᠡᠷ

ᠲᠠᠪᠤᠨ ᠵᠢᠯ︾ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶

 ᠶᠢ ᠨᠠᠷᠢᠨ ᠬᠢᠨᠠᠮᠠᠭᠠᠶ ᠬᠢᠨᠠᠨ ᠵᠥᠪᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠢᠨᠠᠨ

ᠵᠥᠪᠯᠡᠬᠦ ᠳᠡᠭᠡᠨ ᠴᠢᠬᠤᠯᠠᠴᠢᠯᠠᠭᠰᠠᠨ ᠨᠢ᠂ ᠢᠯᠡᠳᠬᠡᠯ ᠪᠣᠯᠤᠨ ᠬᠥᠲᠥᠯᠪᠦᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ

 ᠪᠠᠷ ᠰᠢᠰᠲ᠋ᠧᠮ ᠲᠠᠢ ᠰᠤᠷᠤᠯᠴᠠᠨ ᠣᠶᠢᠯᠠᠭᠠᠵᠤ᠂ ᠡᠯ᠎ᠡ ᠵᠦᠶᠯ ᠤᠨ ᠠᠵᠢᠯ ᠢᠶᠠᠨ ᠨᠢᠭᠡᠳᠦᠯᠲᠡᠶ ᠲᠥᠯᠥᠪᠵᠢᠭᠦᠯᠦᠨ

ᠰᠠᠶᠢᠲᠤᠷ ᠠᠳᠬᠤᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠣᠪᠣᠷ ᠪᠠᠶᠢᠳᠠᠯ᠂ ᠦᠨᠡᠨ ᠢ

ᠪᠠᠷᠢᠮᠲᠠᠯᠠᠨ ᠪᠣᠳᠠᠲᠠᠶ ᠶᠢ ᠡᠷᠬᠢᠮᠯᠡᠬᠦ ᠡᠷᠴᠢ ᠵᠣᠷᠢᠭ ᠢᠶᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ

ᠡᠬᠢᠯᠡᠯᠲᠡ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠬᠡᠵᠡᠢ᠃

     ᠱᠢ ᠸᠠᠨ ᠵᠢᠶᠦ᠋ᠨ᠂ ᠪᠦ᠋ ᠰᠢᠶᠤᠤ ᠯᠢᠨ ᠲᠡᠷᠢᠭᠦᠯᠡᠭᠴᠢ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ

ᠢᠯᠡᠳᠬᠡᠯ ᠨᠢ ᠠᠮᠵᠢᠯᠲᠠ ᠪᠠᠨ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ ᠦᠨᠡᠨ ᠠᠴᠠ ᠵᠥᠪ ᠢ ᠡᠷᠢᠵᠦ᠂

ᠠᠰᠠᠭᠤᠳᠠᠯ ᠢ ᠭᠦᠨᠵᠡᠭᠡᠢ ᠣᠨᠣᠪᠴᠢᠲᠠᠢ ᠵᠠᠳᠠᠯᠵᠤ᠂ ᠨᠢᠭᠡ ᠯᠡ ᠳᠡᠭᠡᠷ᠎ᠡ ᠣᠨᠣᠪᠴᠢᠲᠠᠢ ᠪᠠᠶᠢᠷᠢᠯᠠᠭᠤᠯᠵᠤ᠂ ᠠᠵᠢᠯ

 ᠢᠶᠠᠨ ᠪᠠᠶᠢᠷᠢᠯᠠᠭᠤᠯᠬᠤ ᠳᠠᠭᠠᠨ ᠠᠯᠤᠰ ᠬᠡᠳᠤ ᠶᠢ ᠪᠣᠳᠣᠯᠬᠢᠯᠠᠵᠤ᠂ ᠰᠢᠰᠲ᠋ᠧᠮ ᠲᠠᠢ ᠰᠢᠨᠵᠢᠯᠡᠬᠦ ᠤᠬᠠᠭᠠᠨᠴᠢ ᠪᠠᠶᠢᠵᠦ᠂

ᠲᠤᠭ ᠢᠶᠠᠨ ᠥᠨᠳᠥᠷ ᠮᠠᠨᠳᠣᠭᠤᠯᠣᠭᠰᠠᠨ᠂ ᠭᠤᠤᠯ ᠢ ᠬᠠᠮᠠᠭᠠᠯᠠᠭᠰᠠᠨ᠂ ᠰᠠᠨᠠᠭᠤᠯᠭ᠎ᠠ ᠶᠢ ᠵᠢᠷᠣᠮᠯᠠᠭᠰᠠᠨ᠂ ᠨᠠᠷᠢᠯᠢᠭ

ᠨᠠᠶᠢᠳᠠᠪᠤᠷᠢᠵᠢᠭᠤᠯᠤᠭᠰᠠᠨ᠂ ᠤᠨᠢᠨ ᠳᠡᠭᠡᠷ᠎ᠡ ᠨᠢ ᠲᠥᠯᠥᠪᠵᠢᠭᠦᠯᠦᠭᠰᠡᠨ᠂ ᠭᠤᠣᠯᠳᠠᠯᠭ᠎ᠠ ᠪᠠᠨ ᠲᠤᠪᠤᠶᠢᠯᠭᠠᠭᠰᠠᠨ᠂

ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠰᠠᠨ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠭᠰᠠᠨ

ᠢᠯᠡᠳᠭᠡᠯ ᠮᠦᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠨᠢ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ

ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠲᠥᠯᠥᠪᠵᠢᠭᠦᠯᠭᠡ ᠶᠢᠨ ᠰᠠᠨᠠᠭᠤᠯᠭ᠎ᠠ︾ ᠲᠠᠢ ᠪᠠᠶᠢᠯᠳᠤᠬᠤ

ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠰᠡᠳᠬᠢᠴᠡ ᠶᠢ

ᠲᠥᠯᠥᠪᠵᠢᠭᠦᠯᠵᠦ᠂ ᠬᠥᠭᠵᠢᠯᠲᠡ ᠶᠢᠨ ᠠᠷᠭ᠎ᠠ ᠵᠠᠮ ᠢ ᠠᠬᠢᠭᠤᠯᠬᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠨᠢᠭᠡᠳᠦᠯᠲᠡᠶ

ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠥᠭᠵᠢᠯᠲᠡ ᠶᠢᠨ ᠴᠢᠭᠯᠡᠯ ᠪᠠᠶᠢᠷᠢ

ᠲᠣᠭᠲᠠᠭᠠᠯᠲᠠ ᠶᠢ ᠲᠣᠳᠣᠷᠬᠠᠶᠢᠯᠠᠬᠤ ᠲᠠᠯ᠎ᠠ ᠪᠠᠷ ᠲᠤᠭ ᠲᠡᠮᠳᠡᠭ ᠲᠣᠳᠣᠷᠬᠠᠶ ᠤᠯᠤᠰ ᠲᠥᠷᠥ ᠶᠢᠨ ᠵᠣᠭᠰᠣᠯᠲᠠ᠂

ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠲᠠᠯ᠎ᠠ ᠪᠠᠷ ᠭᠦᠨᠵᠡᠭᠡᠶ ᠪᠣᠳᠣᠯᠬᠢᠯᠠᠨ

ᠬᠤᠯᠠ ᠶᠢ ᠪᠣᠳᠣᠯᠬᠢᠯᠠᠬᠤ ᠰᠢᠰᠲ᠋ᠧᠮᠲᠦ ᠰᠡᠳᠬᠢᠬᠦᠶ᠂ ᠴᠢᠨᠠᠷ ᠰᠠᠶᠢᠲᠠᠶ ᠬᠥᠭᠵᠢᠯᠲᠡ ᠶᠢᠨ ᠦᠶᠯᠡᠳᠦᠯᠭᠡ ᠶᠢᠨ ᠠᠷᠭ᠎ᠠ

ᠵᠠᠮ ᠤᠨ ᠲᠠᠯ᠎ᠠ ᠪᠠᠷ ᠣᠨᠣᠪᠴᠢᠲᠠᠶ ᠰᠢᠨᠵᠢᠯᠡᠬᠦ ᠤᠬᠠᠭᠠᠨᠴᠢ ᠪᠣᠳᠠᠲᠠᠶ ᠶᠢ ᠡᠷᠬᠢᠮᠯᠡᠬᠦ ᠵᠣᠷᠢᠭ ᠰᠠᠨᠠᠭ᠎ᠠ ᠶᠢ ᠭᠦᠶᠴᠡᠳ

ᠢᠯᠡᠷᠡᠭᠦᠯᠪᠡ ᠬᠡᠵᠡᠢ᠃

     ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠪᠠᠷ ᠢᠶᠠᠨ

ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠶᠢ ᠨᠠᠮ ᠤᠨ ᠠᠷᠪᠠ

ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠲᠥᠪ

 ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ

ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ

ᠲᠤᠤᠱᠯᠠᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ

ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ

ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠲᠠᠢ ᠤᠶᠠᠯᠳᠤᠭᠤᠯᠵᠤ᠂ ᠱᠢ ᠲᠠᠢ ᠹᠧᠩ ᠱᠦᠵᠢ᠂ ᠪᠦ᠋ ᠰᠢᠶᠤᠤ

ᠯᠢᠨ ᠲᠡᠷᠢᠭᠦᠯᠡᠭᠴᠢ ᠦᠬᠠᠶ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠲᠠᠢ

ᠤᠶᠠᠯᠳᠤᠭᠤᠯᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠦᠳᠲᠡᠷ ᠲᠦᠷᠭᠡᠨ ᠪᠦᠲᠦᠮᠵᠢᠲᠡᠶ

ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠦᠬᠠᠶ ᠵᠢᠴᠢ ᠡᠷᠬᠢᠨ

ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ

ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠲᠤᠬᠠᠶ ᠴᠢᠬᠤᠯᠠ ᠵᠢᠭᠠᠪᠤᠷᠢ ᠶᠢᠨ

ᠵᠣᠷᠢᠭ ᠰᠠᠨᠠᠭ᠎ᠠ ᠶᠢ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠥᠪᠡᠷᠲᠡᠭᠡᠨ

ᠵᠠᠰᠠᠬᠤ ᠣᠷᠣᠨ ᠤ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠶᠢᠨ ᠣᠷᠴᠢᠨ

ᠲᠣᠭᠤᠷᠢᠨ ᠢ ᠶᠡᠷᠦᠩᠬᠡᠶᠢᠯᠡᠨ ᠵᠠᠰᠠᠬᠤ ᠲᠤᠬᠠᠶ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠬᠤ ᠪᠠᠷ ᠠᠵᠠ

ᠲᠣᠬᠢᠶᠠᠯ ᠪᠣᠯᠭᠠᠵᠤ᠂ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠠᠩᠬᠠᠨ ᠤ ᠥᠷᠲᠡᠭᠡᠨ ᠤ ᠤᠬᠠᠮᠰᠠᠷ

 ᠢᠶᠠᠨ ᠴᠢᠩᠭᠠᠳᠬᠠᠵᠤ᠂ ᠠᠮᠢ ᠠᠬᠤᠶ ᠶᠢ ᠣᠷᠢᠳᠠᠪᠡᠷ ᠪᠤᠲᠤᠯᠭᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ

ᠪᠠᠷᠢᠮᠲᠠᠯᠠᠵᠤ᠂ ᠤᠰᠤᠨ ᠤ ᠬᠡᠮᠵᠢᠶ᠎ᠡ ᠪᠠᠷ ᠲᠣᠭᠲᠠᠭᠠᠵᠤ ᠤᠰᠤᠨ ᠤ ᠬᠡᠮᠵᠢᠶ᠎ᠡ ᠪᠠᠷ ᠬᠢᠵᠦ᠂ ᠠᠵᠤ ᠠᠬᠤᠶ ᠶᠢᠨ ᠴᠢᠨᠠᠷ

ᠰᠠᠶᠢᠲᠠᠶ ᠬᠥᠭᠵᠢᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠪᠥᠬᠦᠶ ᠬᠠᠮᠠᠭᠠᠯᠠᠯᠲᠠ ᠶᠢ

ᠬᠠᠮᠵᠢᠯᠴᠠᠨ ᠠᠬᠢᠭᠤᠯᠬᠤ ᠬᠡᠷᠡᠭᠲᠡᠶ᠃ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠭᠦᠨᠵᠡᠭᠡᠢ ᠥᠷᠨᠢᠭᠦᠯᠵᠦ

᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ

ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ

ᠲᠠᠨᠢᠯᠲᠠ︾ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ

ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ

ᠣᠷᠴᠢᠨ ᠲᠤᠭᠤᠷᠢᠨ ᠢ ᠲᠤᠰᠬᠠᠶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ

ᠲᠤᠭᠤᠷᠢᠨ ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠤᠯᠪᠤᠭᠳᠠᠯ ᠪᠥᠬᠦᠶ

ᠲᠦᠷᠢᠮ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠣᠭᠤᠮᠢ

ᠬᠤᠷᠢᠭ᠎ᠠ ᠶᠢ ᠡᠷᠡᠰ ᠠᠷᠢᠯᠭᠠᠬᠤ ᠬᠡᠷᠡᠭᠲᠡᠶ᠃ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠨᠢᠭᠡᠳᠦᠯᠲᠡᠢ

ᠲᠥᠯᠥᠪᠵᠢᠭᠦᠯᠦᠨ ᠠᠬᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠡᠷᠡ

ᠶᠣᠰᠣᠭᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号