ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠢᠨ 2020 ᠣᠨ ᠤ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠬᠠᠷᠢᠭᠤ ᠮᠡᠳᠡᠭᠦᠯᠪᠡ
ᠨᠡᠶᠢᠲᠡᠯᠡᠭᠰᠡᠨ ᠴᠠᠭ᠄
2021/1/4
     12 ᠰᠠᠷ᠎ᠠ ᠶᠢᠨ 31 ᠤ ᠡᠳᠦᠷ᠂ ᠮᠠᠨ ᠤ ᠬᠤᠲᠠ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠤᠲᠠ ᠶᠢᠨ ᠬᠤᠷᠢᠶᠠᠨ ᠤ 2020 ᠣᠨ ᠤ ᠭᠤᠤᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ  ᠤᠨ ᠬᠠᠷᠢᠭᠤ ᠮᠡᠳᠡᠭᠦᠯᠦᠯᠲᠡ ᠶᠢᠨ ᠬᠤᠷᠠᠯ ᠵᠢᠴᠢ 20 ᠳ᠋ᠤᠭᠠᠷ ᠤᠳᠠᠭᠠᠨ ᠤ ᠡᠯ᠎ᠡ ᠠᠷᠠᠳᠴᠢᠯᠠᠭᠰᠠᠨ ᠨᠠᠮ ᠪᠦᠯᠦᠭ  ᠤᠨ ᠠᠵᠢᠯ ᠯᠤᠭ᠎ᠠ ᠶᠢᠨ ᠨᠡᠪᠲᠡᠷᠡᠯᠴᠡᠭᠡ ᠵᠥᠪᠳᠡᠯᠴᠡᠭᠡ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠶ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠠᠨ ᠭᠦᠸᠧ ᠬᠤᠷᠠᠯ ᠳᠤ ᠣᠷᠣᠯᠴᠠᠪᠠ᠃      ᠬᠤᠷᠠᠯ ᠠᠴᠠ ᠡᠯ᠎ᠡ ᠠᠷᠠᠳᠴᠢᠯᠠᠭᠰᠠᠨ ᠨᠠᠮ ᠪᠦᠯᠦᠭ ᠤᠨ ᠣᠨ ᠤ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠳᠤ ᠣᠷᠣᠯᠴᠠᠭᠰᠠᠳ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠶᠢᠨ ᠲᠣᠭᠤᠷᠢᠨ ᠳᠤ ᠪᠤᠳᠤᠯ ᠰᠠᠨᠠᠯ ᠢᠶᠠᠨ ᠠᠭᠤᠵᠢᠷᠠᠲᠠᠯ᠎ᠠ ᠶᠠᠷᠢᠵᠤ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠴᠤ᠂ ᠬᠤᠯᠪᠤᠭᠳᠠᠯ ᠪᠦᠬᠦᠢ ᠰᠠᠨᠠᠯ ᠰᠠᠨᠠᠭᠤᠯᠭ᠎ᠠ ᠳᠤᠷᠠᠳᠴᠠᠢ᠃      ᠳ᠋ᠧᠩ ᠺᠠᠢ ᠴᠢᠬᠤᠯᠠᠴᠢᠯᠠᠭᠰᠠᠨ ᠨᠢ᠂ ᠲᠦᠷᠦ ᠶᠢᠨ ᠨᠠᠮ ᠳᠤ ᠵᠥᠪᠯᠡᠯᠭᠡ ᠬᠢᠬᠦ ᠪᠣᠯ ᠡᠯ᠎ᠡ ᠠᠷᠠᠳᠴᠢᠯᠠᠭᠰᠠᠨ ᠨᠠᠮ ᠪᠦᠯᠦᠭ ᠤᠨ ᠰᠢᠭᠤᠳ ᠤᠯᠤᠰ ᠲᠦᠷᠦ ᠶᠢᠨ ᠵᠥᠪᠯᠡᠯᠭᠡ ᠬᠢᠬᠦ ᠴᠢᠬᠤᠯᠠ ᠠᠷᠠᠳᠴᠢᠯᠠᠯ ᠤᠨ ᠬᠡᠯᠪᠡᠷᠢ ᠮᠥᠨ᠂ ᠡᠯ᠎ᠡ ᠠᠷᠠᠳᠴᠢᠯᠠᠭᠰᠠᠨ ᠨᠠᠮ ᠪᠦᠯᠦᠭ ᠲᠦᠷᠦ ᠶᠢᠨ ᠨᠠᠮ ᠳᠤ ᠵᠥᠪᠯᠡᠯᠭᠡ ᠬᠢᠬᠦ ᠴᠢᠬᠤᠯᠠ ᠴᠢᠨᠠᠷ ᠢ ᠭᠦᠢᠴᠡᠳ ᠲᠠᠨᠢᠵᠤ᠂ ᠲᠦᠷᠦ ᠶᠢᠨ ᠨᠠᠮ ᠳᠤ ᠵᠥᠪᠯᠡᠯᠭᠡ ᠬᠢᠬᠦ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠲᠦᠷᠦ ᠶᠢᠨ ᠨᠠᠮ ᠳᠤ ᠵᠥᠪᠯᠡᠯᠭᠡ ᠬᠢᠬᠦ ᠪᠠᠨ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ  ᠪᠠᠨ ᠬᠠᠮᠲᠤᠳᠬᠠᠵᠤ᠂ ᠲᠦᠷᠦ ᠶᠢᠨ ᠨᠠᠮ ᠳᠤ ᠵᠥᠪᠯᠡᠯᠭᠡ ᠬᠢᠬᠦ ᠦᠷ᠎ᠡ ᠪᠦᠲᠦᠮᠵᠢ ᠪᠣᠯᠤᠨ ᠲᠦᠪᠰᠢᠨ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠵᠥᠪᠯᠡᠬᠦ ᠤᠬᠠᠮᠰᠠᠷ ᠢᠶᠠᠨ ᠴᠢᠩᠭᠠᠳᠬᠠᠨ᠂ ᠵᠥᠪᠯᠡᠬᠦ ᠲᠣᠭᠲᠠᠴᠠ ᠪᠠᠨ ᠲᠡᠭᠦᠯᠳᠡᠷᠵᠢᠭᠦᠯᠵᠦ᠂ ᠵᠥᠪᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠵᠥᠪᠯᠡᠯᠭᠡ ᠬᠢᠵᠦ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠠᠨᠠᠯ ᠰᠠᠨᠠᠭᠤᠯᠭ᠎ᠠ ᠪᠠᠨ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠥᠷᠥ  ᠶᠢᠨ ᠨᠠᠮ ᠳᠤ ᠵᠥᠪᠯᠡᠬᠦ ᠠᠵᠢᠯ ᠢᠶᠠᠨ ᠰᠠᠶᠢᠲᠤᠷ ᠬᠢᠬᠦ ᠤᠬᠠᠮᠰᠠᠷᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ ᠃ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠠᠳᠴᠢᠯᠠᠭᠰᠠᠨ ᠨᠠᠮ ᠪᠦᠯᠦᠭ ᠤᠨ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠰᠢᠨ᠎ᠡ ᠴᠠᠭ ᠦᠶ᠎ᠡ ᠳᠤ ᠲᠥᠷᠥ ᠶᠢᠨ ᠶᠠᠪᠤᠳᠠᠯ ᠳᠤ ᠣᠷᠣᠯᠴᠠᠬᠤ ᠨᠠᠮ ᠤᠨ ᠡᠭᠦᠷᠭᠡ ᠴᠢᠳᠠᠪᠬᠢ ᠪᠠᠨ ᠨᠠᠩ ᠰᠠᠶᠢᠲᠤᠷ ᠭᠦᠶᠴᠡᠳᠬᠡᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号