ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠭᠤᠷᠪᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/4
     12 ᠰᠠᠷ᠎ᠠ ᠶᠢᠨ 31   ᠤ ᠡᠳᠦᠷ᠂ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠭᠤᠷᠪᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ  ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠱᠢ ᠯᠸᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ  ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠶ ᠲᠣᠭᠤᠷᠢᠭ ᠤᠨ ᠨᠠᠮ  ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠬᠠᠢ ᠿᠦᠩ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠰᠢᠶᠠᠨ ᠭᠠᠩ ᠬᠤᠷᠠᠯ ᠳᠤ ᠣᠷᠣᠯᠴᠠᠪᠠ᠃      ᠱᠢ ᠯᠸᠢ ᠵᠢᠭᠠᠵᠤ ᠭᠠᠷᠭᠠᠭᠰᠠᠨ ᠨᠢ᠂ ᠦᠬᠠᠶ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠪᠥᠬᠦ ᠬᠤᠲᠠ ᠶᠢᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠲᠠᠳ ᠢ ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠭᠤᠤ ᠶᠡᠭᠡ ᠦᠶᠯᠡᠳᠦᠯᠭᠡ ᠳᠤ ᠢᠳᠡᠪᠬᠢᠲᠡᠶ ᠣᠷᠣᠯᠴᠠᠵᠤ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ ᠬᠠᠤᠯᠢ ᠶᠢᠨ ᠤᠬᠠᠭᠠᠨ ᠤ ᠰᠤᠳᠤᠯᠭᠠᠨ ᠢ ᠴᠡᠴᠡᠭᠯᠡᠭᠦᠯᠬᠦ᠂ ᠬᠠᠤᠯᠢᠵᠢᠯ ᠤᠨ ᠦᠶᠯᠡᠳᠦᠯᠭᠡ ᠳᠤ ᠦᠶᠯᠡᠴᠢᠯᠡᠬᠦ᠂ ᠬᠠᠤᠯᠢᠵᠢᠯ ᠤᠨ ᠤᠬᠠᠭᠤᠯᠭ᠎ᠠ ᠶᠢ ᠥᠷᠨᠢᠭᠦᠯᠬᠦ᠂ ᠬᠠᠤᠯᠢᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠣᠯᠤᠨ ᠬᠠᠤᠯᠢᠵᠢᠯ ᠤᠨ ᠦᠬᠠᠶ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠶᠯᠡᠴᠢᠯᠡᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠬᠠᠤᠯᠢ ᠶᠢᠨ ᠤᠬᠠᠭᠠᠨ ᠤ ᠰᠤᠳᠤᠯᠭᠠᠨ ᠤ ᠴᠢᠬᠤᠯᠠ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠬᠠᠤᠯᠢᠵᠢᠯ ᠤᠨ ᠥᠪᠥᠷ ᠮᠣᠩᠭᠤᠯ ᠤᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃      ᠴᠢ ᠹᠧᠶ ᠶᠦᠨ ᠴᠢᠬᠤᠯᠠᠴᠢᠯᠠᠭᠰᠠᠨ ᠨᠢ᠂ ᠬᠤᠲᠠ᠂ ᠲᠣᠭᠤᠷᠢᠭ ᠬᠤᠶᠠᠷ ᠱᠠᠲᠤᠨ ᠤ ᠬᠠᠤᠯᠢ ᠶᠢᠨ ᠤᠬᠠᠭᠠᠨ  ᠤ ᠨᠡᠶᠢᠭᠡᠮᠯᠢᠭ ᠪᠣᠯᠤᠨ ᠪᠥᠬᠦ ᠬᠤᠲᠠ ᠶᠢᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠲᠠᠳ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ︽ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠡᠯ᠎ᠡ ᠵᠦᠶᠯ ᠤᠨ ᠠᠵᠢᠯ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ︔ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠤᠯᠢ ᠶᠢᠨ ᠤᠬᠠᠭᠠᠨ ᠤ ᠦᠵᠡᠯ ᠤᠬᠠᠮᠰᠠᠷ ᠤᠨ ᠬᠡᠯᠪᠡᠷᠢ  ᠶᠢᠨ ᠠᠵᠢᠯ ᠤᠨ ᠤᠳᠤᠷᠢᠳᠬᠤ ᠡᠷᠬᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠬᠤ ᠲᠠᠯ᠎ᠠ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ︔ ᠬᠠᠤᠯᠢᠵᠢᠯ ᠤᠨ ᠪᠠᠶᠢᠭᠤᠯᠤᠯᠲᠠ ᠶᠢᠨ ᠦᠢᠯᠡᠳᠦᠯᠭᠡ ᠳᠤ ᠣᠷᠣᠯᠴᠠᠵᠤ᠂ ᠬᠠᠤᠯᠢᠵᠢᠯ ᠤᠨ ᠤᠶᠤᠨ ᠤ ᠬᠥᠮᠥᠷᠭᠡ ᠶᠢᠨ ᠵᠥᠪᠯᠡᠭᠴᠢ᠂ ᠠᠷᠠᠳ ᠤᠯᠠᠨ ᠳᠤ ᠦᠢᠯᠡᠴᠢᠯᠡᠬᠦ᠂ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠰᠣᠯᠢᠯᠴᠠᠭ᠎ᠠ ᠶᠢ ᠠᠬᠢᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠲᠥᠪ ᠤᠨ ᠠᠵᠢᠯ ᠤᠨ ᠲᠠᠯ᠎ᠠ ᠪᠠᠷ ᠦᠨᠡᠨ ᠬᠦ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ︔ ᠪᠠᠶᠢᠭᠤᠯᠤᠮᠵᠢ ᠲᠣᠭᠲᠠᠴᠠ ᠪᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ᠂ ᠬᠠᠤᠯᠢ ᠶᠢᠨ ᠤᠬᠠᠭᠠᠨ ᠤ ᠡᠩᠨᠡᠭᠡ᠂ ᠠᠵᠢᠯ ᠤᠨ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠦᠨᠡᠨ ᠬᠦ ᠦᠷᠭᠦᠯᠵᠢᠯᠡᠨ ᠬᠦᠴᠦᠯᠡᠬᠦ ᠬᠡᠷᠡᠭᠲᠡᠢ ᠬᠡᠵᠡᠢ᠃      ᠬᠤᠷᠠᠯ ᠠᠴᠠ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠪᠠᠶᠢᠩᠭᠤ ᠶᠢᠨ ᠬᠡᠷᠡᠭ ᠡᠷᠬᠢᠯᠡᠭᠴᠢ᠂ ᠨᠡᠶᠢᠭᠡᠮᠯᠢᠭ ᠤᠨ ᠳᠠᠷᠤᠭ᠎ᠠ᠂ ᠪᠠᠶᠢᠩᠭᠤ ᠶᠢᠨ ᠳᠡᠳ᠋ ᠳᠠᠷᠤᠭ᠎ᠠ᠂ ᠳᠡᠳ᠋ ᠳᠠᠷᠤᠭ᠎ᠠ ᠪᠣᠯᠤᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠪᠠ᠃ ᠴᠢ ᠹᠸᠢ ᠶᠦᠨ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ ᠪᠠᠷ ᠰᠣᠩᠭᠤᠭᠳᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号