ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ 2020 ᠣᠨ ᠤ ᠬᠤᠶᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/4
     12 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ  ᠤᠨ ᠤᠳᠤᠷᠢᠳᠬᠤ ᠳᠤᠭᠤᠶᠢᠯᠠᠩ ᠤᠨ 2020 ᠣᠨ ᠤ ᠬᠤᠶᠠᠳᠤᠭᠠᠷ ᠪᠥᠬᠦᠳᠡ ᠬᠤᠷᠠᠯ ᠬᠤᠷᠠᠯᠳᠤᠪᠠ᠃ ᠬᠤᠷᠠᠯ  ᠠᠴᠠ ᠪᠥᠬᠦ ᠤᠯᠤᠰ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ 4 ᠳ᠋ᠦ᠋ᠭᠡᠷ ᠤᠳᠠᠭ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠦᠬᠠᠶ ᠬᠤᠲᠠ  ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ  ᠤ ᠠᠵᠢᠯ ᠤᠨ ᠭᠤᠤᠯᠳᠠᠯᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ 2021 ᠣᠨ ᠤ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ  ᠤᠨ ᠳᠠᠷᠤᠭ᠎ᠠ ᠴᠢ ᠹᠸᠢ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠶᠠ ᠴᠢᠩ ᠳ᠋ᠦᠩ ᠬᠤᠷᠠᠯ ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠰᠦ᠋ ᠬᠤᠩ ᠬᠤᠷᠠᠯ ᠢ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠪᠠᠰᠠ ᠴᠤ ᠮᠠᠨ ᠤ ᠬᠤᠲᠠ ᠶᠢᠨ ︽ᠰᠢᠯᠢᠳᠡᠭ ᠰᠤᠷᠭᠠᠨ ᠬᠥᠮᠦᠵᠢᠯ ᠤᠨ ᠲᠦᠭᠡᠮᠡᠯ ᠠᠰᠢᠭ ᠬᠦᠷᠲᠡᠭᠡᠬᠦ ᠤᠷᠤᠨ︾ ᠤ ᠪᠥᠲᠥᠭᠡᠨ ᠪᠠᠶᠢᠭᠤᠯᠤᠯᠲᠠ ᠶᠢᠨ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠡᠯ᠎ᠡ ᠲᠤᠭᠤᠷᠢᠭ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦᠳᠡ ᠬᠤᠷᠠᠯ ᠠᠴᠠ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ ᠶᠢᠨ ᠲᠤᠬᠠᠶ ᠴᠢᠬᠤᠯᠠ ᠶᠡᠭᠡ ᠪᠠᠶᠢᠷᠢᠯᠠᠭᠤᠯᠤᠯᠲᠠ ᠶᠢ ᠣᠨᠣᠪᠴᠢᠲᠠᠶ ᠡᠵᠡᠮᠳᠡᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯ ᠡᠭᠦᠷᠭᠡ ᠪᠣᠯᠭᠠᠨ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠵᠤ᠂ ᠰᠤᠷᠭᠠᠨ ᠬᠥᠮᠦᠵᠢᠯ ᠤᠨ ᠪᠦᠲᠦᠴᠡ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶᠯᠡᠴᠢᠯᠡᠬᠦ ᠪᠠ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠳᠠᠪᠤᠷᠢ ᠪᠣᠯᠤᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠳᠤ ᠠᠩᠬᠠᠷᠤᠯ  ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠢᠯᠡ ᠲᠣᠳᠣ ᠤᠳᠤᠷᠢᠳᠤᠮᠵᠢ ᠶᠢ ᠪᠠᠲᠤᠳᠬᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠣᠨᠣᠪᠴᠢᠲᠠᠢ ᠡᠵᠡᠮᠳᠡᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠬᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠪᠦᠬᠦ ᠬᠦᠴᠦ ᠪᠠᠷ ᠢᠶᠠᠨ ᠬᠥᠮᠦᠵᠢᠭᠦᠯᠬᠦ ᠬᠡᠷᠡᠭᠲᠡᠢ᠃ ᠳᠤᠲᠠᠭᠤᠳᠠᠯ ᠢᠶᠠᠨ ᠨᠥᠬᠦᠪᠥᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠤᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠵᠤ᠂ ᠠᠷᠠᠳ ᠤᠯᠠᠨ ᠤ ᠰᠤᠷᠭᠠᠨ ᠬᠥᠮᠦᠵᠢᠯ ᠤᠨ ᠬᠦᠷᠲᠡᠮᠵᠢ  ᠶᠢᠨ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ  ᠤᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠪᠠᠭᠰᠢ ᠶᠢᠨ ᠡᠩᠨᠡᠭᠡᠨ ᠤ ᠬᠡᠪ ᠴᠢᠨᠠᠷ ᠢ ᠪᠥᠬᠦ ᠲᠠᠯ᠎ᠠ  ᠪᠠᠷ ᠳᠡᠭᠡᠭᠰᠢᠯᠡᠭᠦᠯᠦᠨ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠤᠷᠭᠠᠨ ᠬᠥᠮᠦᠵᠢᠯ ᠤᠨ ᠦᠶᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ  ᠪᠠᠷ ᠬᠥᠭᠵᠢᠬᠦ ᠶᠢ ᠠᠬᠢᠭᠤᠯᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号