ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ | ᠡᠬᠢᠯᠡᠭᠰᠡᠨ ᠠᠴᠠ ᠨᠠᠰᠢ᠂ ᠬᠠᠶᠢᠨᠠᠨ ᠲᠣᠭᠤᠷᠢᠭ ᠤᠨ ᠬᠢᠨ ︽ᠨᠢᠭᠡ ᠢᠵᠢ ᠤᠳᠤᠷᠢᠳᠬᠤ ᠪᠠᠭ ᠢ ᠪᠠᠶᠢᠭᠤᠯᠵᠤ᠂ | ᠲᠠᠪᠤᠨ ᠵᠦᠢᠯ ᠤᠨ ᠲᠦᠷᠢᠮ ᠢ ᠪᠦᠷᠢᠨᠰᠢᠬᠦᠯᠵᠤ᠂ ᠲᠦᠷᠪᠡᠨ ᠬᠠᠭᠤᠳᠠᠰᠣ ︿ᠪᠠᠶᠢᠯᠳᠤᠭᠠᠨ ᠤ ᠵᠢᠷᠤᠭ﹀ ᠡᠯᠭᠦᠬᠦ︾ | ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠴᠦ ᠪᠠᠨ ᠲᠥᠪᠯᠡᠷᠡᠭᠦᠯᠦᠨ ᠬᠤᠭᠤᠴᠠᠭ᠎ᠠ ᠰᠣᠯᠢᠬᠤ | ᠠᠵᠢᠯ ᠢ ᠠᠳᠬᠤᠵᠤ᠂ ᠪᠦᠬᠦ ᠬᠦᠴᠦᠨ ᠢᠶᠠᠷ ᠢᠶᠠᠨ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ | ᠤᠨ ᠬᠤᠭᠤᠴᠠᠭ᠎ᠠ ᠰᠣᠯᠢᠬᠤ ᠠᠵᠢᠯ ᠤᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ | ᠨᠢᠭᠡ ᠢᠵᠢ ᠣᠳᠣᠷᠢᠳᠬᠤ ᠪᠠᠭ ᠪᠠᠶᠢᠭᠤᠯᠪᠠ᠃ ᠬᠠᠶᠢᠨᠠᠨ ᠲᠣᠭᠤᠷᠢᠭ ᠱᠦᠵᠢ ᠪᠠᠷ ᠲᠦᠷᠦᠭᠦᠯᠡᠭᠦᠯᠬᠦ᠂ | ᠤᠳᠤᠷᠢᠳᠬᠤ ᠪᠠᠭ ᠳᠠᠭᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ ᠶᠢ ᠪᠠᠷᠢᠮᠲᠠᠯᠠᠵᠤ᠂ ᠲᠤᠭᠤᠷᠢᠭ ᠤᠨ ᠨᠠᠮ ᠤᠨ | ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠤᠭᠤᠴᠠᠭ᠎ᠠ ᠰᠣᠯᠢᠬᠤ ᠠᠵᠢᠯ ᠤᠨ | ᠤᠳᠤᠷᠢᠳᠬᠤ ᠳᠤᠭᠤᠶᠢᠯᠠᠩ ᠵᠢᠴᠢ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠪᠠ᠃ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠯᠤᠰ ᠲᠦᠷᠦ ᠶᠢᠨ ᠬᠡᠪ ᠴᠢᠨᠠᠷ ᠢᠶᠠᠷ ᠰᠠᠶᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ | ᠬᠤᠭᠤᠴᠠᠭ᠎ᠠ ᠰᠣᠯᠢᠬᠤ ᠠᠵᠢᠯ ᠢ ᠰᠠᠶᠢᠨ ᠮᠡᠳᠡᠳᠡᠭ 17 ᠨᠠᠮ ᠤᠨ ᠭᠡᠰᠢᠭᠦᠨ ᠺᠠᠳ᠋ᠷ ᠢ ᠰᠣᠩᠭᠤᠵᠤ᠂ ᠬᠤᠭᠤᠴᠠᠭ᠎ᠠ | ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠᠶᠢᠭᠤᠯᠤᠭᠰᠠᠨ ᠪᠥᠭᠡᠳ ᠶᠡᠷᠦᠩᠬᠡᠶᠢᠯᠡᠨ | ᠵᠣᠬᠢᠴᠠᠭᠤᠯᠬᠤ᠂ ᠵᠢᠭᠠᠨ ᠵᠢᠯᠣᠭᠤᠳᠴᠤ ᠠᠬᠢᠭᠤᠯᠬᠤ᠂ ᠵᠠᠬᠢᠳᠠᠯ ᠰᠤᠷᠪᠤᠯᠵᠢᠯᠠᠭ᠎ᠠ ᠶᠠᠷᠢᠶ᠎ᠠ ᠬᠡᠯᠡᠯᠴᠡᠭᠡᠨ ᠤ ᠪᠠᠶᠢᠳᠠᠯ᠂ | ᠰᠤᠷᠲᠠᠯ ᠢ ᠲᠥᠪ ᠪᠣᠯᠭᠠᠵᠤ ᠰᠠᠬᠢᠯᠭ᠎ᠠ ᠪᠠᠲᠤ ᠶᠢ ᠴᠢᠩᠳᠠᠯᠠᠬᠤ ᠵᠡᠷᠭᠡ 4 ᠲᠤᠰᠬᠠᠢ ᠠᠵᠢᠯ ᠤᠨ ᠳᠤᠭᠤᠶᠢᠯᠠᠩ | ᠪᠠᠶᠢᠭᠤᠯᠵᠤ᠂ ᠶᠡᠷᠦᠩᠬᠡᠶᠢᠯᠡᠨ ᠵᠣᠬᠢᠴᠠᠭᠤᠯᠬᠤ᠂ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠪᠣᠯᠤᠨ ᠵᠢᠭᠠᠨ | ᠵᠢᠯᠣᠭᠤᠳᠴᠤ ᠬᠢᠨᠠᠨ ᠵᠢᠯᠣᠭᠤᠳᠬᠤ ᠶᠢ ᠪᠣᠳᠠᠲᠠᠢ ᠬᠠᠷᠢᠭᠤᠴᠠᠪᠠ᠃ | ᠲᠠᠪᠤᠨ ᠵᠦᠢᠯ ᠤᠨ ᠲᠦᠷᠢᠮ ᠢ ᠪᠦᠷᠢᠨᠰᠢᠬᠦᠯᠪᠡ᠃ ᠬᠠᠶᠢᠨᠠᠨ ᠲᠣᠭᠤᠷᠢᠭ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ᠂ ᠵᠢᠯᠣᠭᠤᠳᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ᠂ ᠠᠯᠪᠠᠨ | ᠬᠡᠷ ᠤᠨ ᠲᠣᠭᠲᠠᠮᠠᠯ ᠬᠤᠷᠠᠯ ᠤᠨ ᠲᠦᠷᠢᠮ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠲᠦᠷᠢᠮ᠂ ᠰᠢᠶᠠᠨ | ᠭᠠᠵᠠᠷ ᠤᠨ ᠲᠠᠰ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠳᠠᠭᠠᠭᠠᠴᠢᠯᠠᠨ ᠬᠤᠯᠪᠣᠭᠠᠯᠠᠬᠤ ᠲᠣᠰᠬᠤᠨ᠂ | ᠨᠡᠶᠢᠭᠡᠮ ᠲᠣᠭᠤᠷᠢᠭ ᠤᠨ ᠲᠦᠷᠢᠮ ᠵᠡᠷᠭᠡ ᠲᠠᠪᠤᠨ ᠵᠦᠶᠯ ᠤᠨ ᠲᠦᠷᠢᠮ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠲᠣᠰᠬᠤᠨ | ︵ᠰᠠᠭᠤᠭᠠᠯᠢ ᠠᠷᠠᠳ︶ ᠤ ᠵᠥᠪᠯᠡᠯ ᠤᠨ ᠬᠤᠭᠤᠴᠠᠭ᠎ᠠ ᠰᠣᠯᠢᠬᠤ ᠴᠠᠭ ᠤᠨ ᠬᠦᠰᠦᠨᠦᠭᠲᠦ ᠶᠢ ᠲᠣᠭᠲᠠᠭᠠᠵᠤ᠂ | ᠵᠦᠶᠯ ᠳᠠᠷᠠᠭᠠᠯᠠᠨ ᠨᠠᠷᠢᠯᠢᠬᠵᠢᠭᠤᠯᠤᠨ ᠬᠡᠮᠵᠢᠶᠡᠵᠢᠭᠦᠯᠵᠦ᠂ ᠠᠵᠢᠯ ᠤᠨ ᠠᠭᠤᠯᠭ᠎ᠠ᠂ ᠴᠠᠭ ᠤᠨ ᠠᠬᠢᠴᠠ᠂ | ᠬᠠᠷᠢᠭᠤᠴᠠᠯᠭ᠎ᠠ ᠶᠢᠨ ᠭᠤᠤᠯ ᠴᠣᠭᠴᠠ᠂ ᠪᠥᠬᠦ ᠶᠠᠪᠤᠴᠠ ᠶᠢ ᠵᠡᠷᠭᠡ ᠪᠠᠷ ᠰᠠᠶᠢᠲᠤᠷ ᠲᠣᠭᠲᠠᠭᠠᠪᠠ᠃ | ᠳᠥᠷᠪᠡᠨ ᠬᠠᠭᠤᠳᠠᠰᠤ ︽ᠪᠠᠶᠢᠯᠳᠤᠭᠠᠨ ᠤ ᠵᠢᠷᠤᠭ︾ ᠡᠯᠬᠦᠪᠡ᠃ ᠬᠠᠶᠢᠨᠠᠨ ᠲᠣᠭᠤᠷᠢᠭ ᠲᠣᠰᠬᠤᠨ ︵ | ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ᠂ ᠲᠣᠰᠬᠤᠨ ︵ᠰᠠᠭᠤᠭᠠᠯᠢ ᠠᠷᠠᠳ︶ ᠤ ᠠᠷᠠᠳ | ᠤᠨ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠤᠨ ︽ᠪᠠᠶᠢᠯᠳᠤᠭᠠᠨ ᠤ ᠵᠢᠷᠤᠭ︾ ᠢ ᠵᠣᠬᠢᠶᠠᠵᠤ᠂ ᠬᠤᠭᠤᠴᠠᠭ᠎ᠠ | ᠰᠣᠯᠢᠬᠤ ᠠᠵᠢᠯ ᠢ ᠡᠬᠢᠯᠡᠭᠦᠯᠬᠦ ᠪᠡᠯᠡᠳᠬᠡᠯ᠂ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ | ᠪᠠᠶᠢᠭᠤᠯᠤᠯᠲᠠ ᠵᠢᠴᠢ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ᠂ | ᠲᠣᠰᠬᠤᠨ ︵ᠰᠠᠭᠤᠭᠠᠯᠢ ᠠᠷᠠᠳ︶ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠢ ᠰᠣᠩᠭᠤᠨ ᠭᠠᠷᠭᠠᠬᠤ᠂ | ᠲᠠᠷᠠᠭᠠᠴᠢ ᠶᠢᠨ ᠠᠵᠢᠯ᠂ ᠪᠠᠶᠢᠴᠠᠭᠠᠬᠤ ᠪᠠ ᠳ᠋ᠦᠩᠨᠡᠬᠦ ᠵᠡᠷᠭᠡ 6 ᠱᠠᠳᠤ ᠬᠤᠪᠢᠶᠠᠵᠤ᠂ ᠲᠣᠰᠬᠤᠨ ︵ᠨᠡᠶᠢᠭᠡᠮ | ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ 32 ᠵᠦᠢᠯ ᠤᠨ ᠪᠣᠳᠠᠲᠠᠢ ᠡᠭᠦᠷᠭᠡ᠂ ᠲᠣᠰᠬᠤᠨ ︵ | ᠰᠠᠭᠤᠭᠠᠯᠢ ᠠᠷᠠᠳ︶ ᠤ ᠠᠷᠠᠳ ᠤᠨ ᠵᠥᠪᠯᠡᠯ ᠤᠨ 33 ᠵᠦᠢᠯ ᠤᠨ ᠪᠣᠳᠠᠲᠠᠢ ᠡᠭᠦᠷᠭᠡ ᠶᠢ ᠲᠣᠳᠣᠷᠬᠠᠶᠢᠯᠠᠵᠤ᠂ | ᠡᠯ᠎ᠡ ᠱᠠᠳᠤ ᠦᠶ᠎ᠡ ᠶᠢᠨ ᠬᠤᠭᠤᠴᠠᠭ᠎ᠠ ᠰᠣᠯᠢᠬᠤ ᠠᠵᠢᠯ ᠤᠨ ᠠᠬᠢᠴᠠ ᠶᠢ ᠪᠠᠲᠤᠯᠠᠬᠤ ᠶᠢᠨ ᠬᠠᠮᠲᠤ᠂ ᠬᠠᠶᠢᠨᠠᠨ | ᠲᠣᠭᠤᠷᠢᠭ ᠪᠠᠰᠠ ︽ᠬᠠᠶᠢᠨᠠᠨ ᠲᠣᠭᠤᠷᠢᠭ ᠤᠨ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ | ᠬᠤᠭᠤᠴᠠᠭ᠎ᠠ ᠰᠣᠯᠢᠬᠤ ᠠᠵᠢᠯ ᠤᠨ ᠶᠠᠪᠤᠴᠠ ᠶᠢᠨ ᠵᠢᠷᠤᠭ︾ ︽ᠬᠠᠶᠢᠨᠠᠨ ᠲᠣᠭᠤᠷᠢᠭ ᠤᠨ ᠲᠣᠰᠬᠤᠨ ︵ᠨᠡᠶᠢᠭᠡᠮ | ᠲᠣᠭᠤᠷᠢᠭ︶ ᠤ ︿ᠬᠤᠶᠠᠷ ᠵᠥᠪᠯᠡᠯ﹀ ᠤᠨ ᠬᠤᠭᠤᠴᠠᠭ᠎ᠠ ᠰᠣᠯᠢᠬᠤ ᠠᠵᠢᠯ ᠤᠨ ᠠᠯᠪᠠᠨ ᠭᠡᠷ ᠤᠨ ᠪᠠᠶᠢᠭᠤᠯᠤᠮᠵᠢ | ᠶᠢᠨ ᠵᠢᠷᠤᠭ︾ ︽ᠬᠠᠶᠢᠨᠠᠨ ᠲᠣᠭᠤᠷᠢᠭ ᠤᠨ ᠲᠣᠰᠬᠤᠨ ︵ᠨᠡᠶᠢᠭᠡᠮ ᠲᠣᠭᠤᠷᠢᠭ︶ ᠤ ︿ᠬᠤᠶᠠᠷ ᠵᠥᠪᠯᠡᠯ﹀ ᠤᠨ | ᠬᠤᠭᠤᠴᠠᠭ᠎ᠠ ᠰᠣᠯᠢᠬᠤ ᠶᠢ ᠵᠢᠯᠣᠭᠤᠳᠬᠤ ᠳᠤᠭᠤᠶᠢᠯᠠᠩ ᠤᠨ ᠪᠠᠶᠢᠭᠤᠯᠤᠮᠵᠢ ᠶᠢᠨ ᠵᠢᠷᠤᠭ︾ ᠢ ᠢᠵᠢ | ᠪᠦᠷᠢᠳᠦᠭᠦᠯᠦᠨ ᠵᠣᠬᠢᠶᠠᠵᠤ᠂ ᠬᠤᠭᠤᠴᠠᠭ᠎ᠠ ᠰᠣᠯᠢᠬᠤ ᠠᠵᠢᠯ ᠢ ᠴᠠᠭ ᠲᠤᠬᠠᠢ ᠳᠤᠨᠢ ᠡᠮᠬᠢ ᠵᠢᠷᠤᠮ ᠲᠠᠢ ᠠᠬᠢᠬᠤ ᠶᠢ | ᠦᠨᠡᠨᠬᠦ ᠠᠬᠢᠭᠤᠯᠪᠠ᠃ |