ᠬᠠᠶᠢᠷᠤᠪ ᠤᠨ ᠲᠣᠬᠤᠢ ᠲᠣᠭᠤᠷᠢᠭ ᠤᠨ ᠠᠷᠪᠠᠳᠤᠭᠠᠷ ᠬᠡᠦᠬᠡᠳ ᠤᠨ ᠴᠡᠴᠡᠷᠯᠢᠭ ᠭᠢᠰᠬᠢᠯᠲᠡ ᠠᠴᠠ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2021/1/6
     ᠪᠠᠭᠰᠢ ᠪᠣᠯᠤᠨ ᠨᠢᠯᠬ᠎ᠠ ᠬᠡᠦᠬᠡᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠢᠯᠬ᠎ᠠ ᠬᠡᠦᠬᠡᠳ ᠤᠨ ᠰᠢᠬᠠᠯᠳᠤᠨ ᠭᠢᠰᠬᠢᠯᠳᠦᠭᠰᠡᠨ ᠠᠳᠡᠯ ᠭᠠᠷᠬᠤ ᠶᠢ ᠰᠡᠷᠭᠡᠶᠢᠯᠡᠵᠦ᠂ ᠣᠯᠠᠨ ᠤ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠳᠤ ᠬᠠᠶᠢᠷᠤᠪ ᠤᠨ ᠲᠣᠬᠤᠶ ᠲᠣᠭᠤᠷᠢᠭ ᠤᠨ ᠠᠷᠪᠠᠳᠤᠭᠠᠷ ᠬᠡᠦᠬᠡᠳ ᠤᠨ ᠴᠡᠴᠡᠷᠯᠢᠭ ᠪᠥᠬᠦ ᠴᠡᠴᠡᠷᠯᠢᠭ ᠤᠨ ᠴᠢᠨᠠᠷᠲᠠᠶ ᠭᠢᠰᠬᠢᠯᠲᠡ ᠠᠴᠠ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠃      ᠠᠵᠢᠯᠯᠠᠭ᠎ᠠ ᠡᠬᠢᠯᠡᠬᠦ ᠠᠴᠠ ᠡᠮᠦᠨ᠎ᠡ᠂ ᠬᠡᠦᠬᠡᠳ ᠤᠨ ᠴᠡᠴᠡᠷᠯᠢᠭ ᠨᠢ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠲᠠᠷᠬᠠᠭᠠᠬᠤ ᠱᠤᠭᠤᠮ᠂ ᠠᠵᠢᠯᠲᠠᠨ ᠤ ᠠᠵᠢᠯ ᠤᠨ ᠬᠤᠪᠢᠶᠠᠷᠢᠯᠠᠯ ᠵᠢᠴᠢ ᠵᠠᠩᠭᠢᠯᠠᠭ᠎ᠠ ᠶᠢᠨ ᠬᠡᠰᠡᠭ ᠤᠨ ᠵᠠᠮᠴᠢᠯᠠᠭᠴᠢ  ᠠᠴᠠ ᠨᠠᠷᠢᠨ ᠨᠢᠭᠲᠠ ᠪᠠᠶᠢᠷᠢᠯᠠᠭᠤᠯᠤᠯᠲᠠ ᠬᠢᠭᠰᠡᠨ ᠪᠥᠭᠡᠳ ᠨᠠᠷᠢᠨ ᠨᠢᠭᠲᠠ ᠰᠣᠷᠢᠯᠲᠠ ᠶᠢᠨ ᠠᠵᠢᠯᠯᠠᠭ᠎ᠠ ᠶᠢᠨ ᠲᠥᠰᠦᠯ ᠲᠣᠭᠲᠠᠭᠠᠵᠤ᠂ ᠰᠣᠷᠢᠯᠲᠠ ᠶᠢᠨ ᠠᠵᠢᠯᠯᠠᠭ᠎ᠠ ᠳᠤᠮᠳᠠ ᠨᠢᠯᠬ᠎ᠠ ᠬᠡᠦᠬᠡᠳ ᠢ ᠬᠥᠮᠦᠵᠢᠭᠦᠯᠬᠦ ᠳᠡᠭᠡᠨ ︽ᠬᠤᠶᠠᠷ ᠦᠭᠡᠢ︾ ︽ᠬᠤᠶᠠᠷ ᠬᠡᠷᠡᠭᠳᠡᠢ︾᠂ ᠲᠤᠬᠠᠶᠢᠯᠠᠪᠠᠯ ᠲᠦᠯᠬᠢᠯᠴᠡᠬᠦ ᠥᠬᠡᠶ᠂ ᠰᠠᠨᠳᠤᠷᠬᠤ ᠥᠬᠡᠶ᠂ ᠡᠮᠬᠢ ᠵᠢᠷᠤᠮ ᠲᠠᠢ ᠪᠠᠶᠢᠬᠤ ᠬᠡᠷᠡᠭᠳᠡᠢ᠂ ᠯᠠᠪᠳᠠᠭᠤᠨ ᠲᠣᠭᠲᠠᠭᠤᠨ ᠪᠠᠶᠢᠬᠤ ᠬᠡᠷᠡᠭᠳᠡᠢ ᠪᠠᠶᠢᠬᠤ ᠶᠢ ᠪᠠᠲᠤᠯᠠᠵᠤ᠂ ᠨᠢᠯᠬ᠎ᠠ ᠬᠡᠦᠬᠡᠳ ᠲᠤ ᠥᠪᠡᠷ ᠢ ᠪᠠᠨ ᠠᠪᠤᠷᠬᠠᠤ ᠠᠷᠭ᠎ᠠ ᠶᠢ ᠡᠵᠡᠮᠰᠢᠭᠦᠯᠬᠦ ᠶᠢ ᠪᠡᠶᠡᠯᠡᠭᠦᠯᠪᠡ᠃      ᠦᠳᠡ ᠶᠢᠨ ᠬᠤᠶᠢᠨᠠᠬᠢ 4 ᠴᠠᠭ ᠲᠤ ᠰᠡᠷᠡᠮᠵᠢ ᠶᠢᠨ ᠳᠣᠬᠢᠶ᠎ᠠ ᠳᠤᠤᠭᠠᠷᠴᠤ᠂ ᠨᠢᠯᠬ᠎ᠠ ᠬᠡᠦᠬᠡᠳ ᠪᠠᠭᠰᠢ ᠶᠢᠨ ᠵᠢᠯᠣᠭᠤᠳᠤᠯᠭ᠎ᠠ ᠪᠠ ᠳᠠᠭᠠᠭᠤᠯᠭ᠎ᠠ ᠳᠣᠣᠷ᠎ᠠ᠂ ᠤᠷᠢᠲᠠᠬᠤ ᠦᠭᠡᠢ᠂ ᠰᠢᠬᠠᠯᠳᠤᠬᠤ ᠦᠭᠡᠢ᠂ ᠲᠣᠭᠲᠠᠭᠰᠠᠨ ᠭᠠᠵᠠᠷ  ᠲᠤ ᠠᠮᠤᠷ ᠲᠦᠪᠰᠢᠨ ᠡᠮᠬᠢ ᠵᠢᠷᠤᠮ ᠲᠠᠢ ᠪᠠᠷ ᠤᠬᠤᠷᠢᠨ ᠬᠦᠷᠪᠡ᠃ ᠠᠮᠤᠷ ᠲᠦᠪᠰᠢᠨ ᠭᠠᠵᠠᠷ ᠲᠤ ᠬᠦᠷᠦᠭᠰᠡᠨ ᠤ ᠳᠠᠷᠠᠭ᠎ᠠ᠂ ᠡᠯ᠎ᠡ ᠠᠩᠭᠢ ᠶᠢᠨ ᠪᠠᠭᠰᠢ ᠲᠡᠷᠡ ᠳᠠᠷᠤᠶ ᠳᠤᠨᠢ ᠬᠥᠮᠦᠨ ᠤ ᠲᠤᠭ᠎ᠠ ᠶᠢ ᠪᠦᠷᠢᠳᠬᠡᠵᠦ᠂ ᠲᠡᠷᠡ ᠳᠠᠷᠤᠶ  ᠳᠤᠨᠢ ᠤᠬᠤᠷᠢᠨ ᠭᠠᠷᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠣᠷᠢᠯᠲᠠ ᠶᠢᠨ ᠪᠦᠬᠦ ᠴᠠᠭ ᠨᠢ 1 ᠮᠢᠨᠦ᠋ᠲ 48 ᠰᠧᠺᠦᠨ᠋ᠳ᠋ ᠪᠣᠯᠤᠨ᠎ᠠ᠃      ᠡᠨᠡ ᠤᠳᠠᠭᠠᠨ ᠤ ᠭᠢᠰᠬᠢᠯᠲᠡ ᠠᠴᠠ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠨᠢ ᠪᠦᠬᠦ ᠪᠠᠭᠰᠢ ᠪᠠ ᠨᠢᠯᠬ᠎ᠠ ᠬᠡᠦᠬᠡᠳ ᠲᠤ ᠪᠠᠴᠢᠮ ᠬᠡᠷᠡᠭ ᠡᠭᠦᠰᠬᠦ ᠦᠶ᠎ᠡ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠵᠢᠴᠢ ᠠᠮᠢ ᠵᠢᠭᠤᠲᠠᠬᠤ ᠠᠷᠭ᠎ᠠ ᠶᠢ ᠡᠵᠡᠮᠰᠢᠭᠦᠯᠵᠦ᠂ ᠬᠠᠮᠲᠤ ᠪᠠᠷ ᠲᠠᠷᠬᠠᠭᠠᠬᠤ᠂ ᠪᠠᠴᠢᠮ ᠪᠠᠶᠢᠳᠠᠯ ᠢ ᠠᠷᠭᠠᠴᠠᠭᠠᠬᠤ ᠵᠣᠬᠢᠶᠠᠨ ᠪᠠᠶᠢᠭᠤᠯᠤᠯᠲᠠ ᠵᠡᠷᠭᠡ ᠪᠣᠳᠠᠲᠤ ᠪᠠᠶᠢᠯᠳᠤᠭᠠᠨ ᠤ ᠲᠤᠷᠰᠢᠯᠭ᠎ᠠ ᠶᠢ ᠬᠤᠷᠠᠮᠳᠤᠭᠤᠯᠵᠤ᠂ ᠵᠢᠱᠢᠭᠰᠡᠨ ᠦᠷ᠎ᠡ ᠪᠦᠲᠦᠮᠵᠢ ᠳᠤ ᠬᠦᠷᠦᠭᠰᠡᠨ ᠪᠠᠶᠢᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号