ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ | ᠡᠬᠢᠯᠡᠭᠰᠡᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠵᠠᠩᠭᠢᠯᠠᠭ᠎ᠠ ᠶᠢᠨ ᠭᠤᠭᠴᠤᠭ᠎ᠠ ᠪᠠ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ︽ᠨᠢᠭᠡ ᠵᠢᠷᠤᠭ ᠭᠤᠷᠪᠠᠨ | ᠨᠠᠷᠢᠨ ᠲᠠᠩᠰᠠ︾ ᠶᠢ ᠲᠣᠭᠲᠠᠭᠠᠨ ᠨᠡᠶᠢᠲᠡᠯᠡᠵᠦ᠂ ᠬᠤᠭᠤᠴᠠᠭ᠎ᠠ ᠰᠣᠯᠢᠬᠤ ᠠᠵᠢᠯ ᠤᠨ ᠶᠠᠪᠤᠴᠠ ᠶᠢ | ᠲᠣᠳᠣᠷᠬᠠᠶᠢᠯᠠᠵᠤ᠂ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ | ᠨᠢᠭᠡ ᠠᠵᠢᠯ ᠤᠨ ᠶᠠᠪᠤᠴᠠ ᠶᠢᠨ ᠵᠢᠷᠤᠭ ᠲᠣᠭᠲᠠᠭᠠᠪᠠ᠃ ᠬᠠᠶᠢᠷᠤᠪ ᠤᠨ ᠲᠤᠬᠤᠢ ᠲᠣᠭᠤᠷᠢᠭ ︽ᠲᠣᠰᠬᠤᠨ | ︵ᠨᠡᠶᠢᠭᠡᠮ ᠲᠣᠭᠤᠷᠢᠭ︶ ᠤ ︿ᠬᠤᠶᠠᠷ ᠵᠥᠪᠯᠡᠯ﹀ ᠤᠨ ᠬᠤᠭᠤᠴᠠᠭ᠎ᠠ ᠰᠣᠯᠢᠬᠤ ᠶᠠᠪᠤᠴᠠ ᠶᠢᠨ ᠵᠢᠷᠤᠭ︾ ᠵᠣᠬᠢᠶᠠᠵᠤ | ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠢᠭ ᠲᠣᠳᠣᠷᠬᠠᠶᠢᠯᠠᠵᠤ᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠬᠤ | ᠪᠠᠷ ᠳᠠᠮᠵᠢᠭᠤᠯᠵᠤ᠂ ᠪᠠᠶᠢᠷᠢᠯᠠᠭᠤᠯᠬᠤ ᠪᠠᠷ ᠪᠡᠯᠡᠳᠭᠡᠬᠦ᠂ ᠨᠡᠷ᠎ᠡ ᠳᠤᠷᠠᠳᠴᠤ ᠲᠠᠨᠢᠯᠴᠠᠭᠤᠯᠬᠤ᠂ ᠰᠢᠯᠭᠠᠨ ᠪᠠᠶᠢᠴᠠᠭᠠᠵᠤ | ᠬᠢᠨᠠᠨ ᠬᠠᠷᠭᠤᠭᠤᠯᠬᠤ᠂ ᠵᠢᠩᠬᠢᠨᠢ ᠰᠣᠩᠭᠤᠭᠤᠯᠢ ᠶᠠᠪᠤᠭᠤᠯᠬᠤ᠂ ᠬᠤᠶᠢᠰᠢᠳᠠ ᠶᠢᠨ ᠬᠠᠮᠢᠶᠠᠷᠤᠯᠲᠠ ᠵᠡᠷᠭᠡ 5 ᠱᠠᠳᠤ | ᠦᠶ᠎ᠡ ᠶᠢ 31 ᠠᠯᠬᠤᠮ ᠲᠠᠷᠠᠭ᠎ᠠ ᠪᠣᠯᠭᠠᠨ ᠨᠠᠷᠢᠯᠢᠬᠵᠢᠭᠤᠯᠵᠤ᠂ ᠬᠤᠭᠤᠴᠠᠭ᠎ᠠ ᠰᠣᠯᠢᠬᠤ ᠲᠡᠰ ᠳᠠᠷᠠᠭᠠᠯᠠᠯ ᠢ ᠡᠮᠬᠢ | ᠵᠢᠷᠣᠮ ᠲᠠᠢ᠂ ᠠᠯᠬᠤᠮ ᠲᠠᠷᠠᠭ᠎ᠠ ᠲᠠᠢ ᠪᠠᠷ ᠠᠬᠢᠭᠤᠯᠬᠤ ᠶᠢ ᠪᠠᠲᠤᠯᠠᠪᠠ᠃ | ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ | ᠡᠭᠦᠷᠭᠡ ᠶᠢᠨ ᠨᠠᠷᠢᠨ ᠲᠠᠩᠰᠠ ᠶᠢ ᠪᠠᠶᠢᠭᠤᠯᠪᠠ᠃ ᠬᠠᠶᠢᠷᠤᠪ ᠤᠨ ᠲᠤᠬᠤᠢ ᠲᠣᠭᠤᠷᠢᠭ ︽ᠲᠣᠰᠬᠤᠨ ︵ᠨᠡᠶᠢᠭᠡᠮ | ᠲᠣᠭᠤᠷᠢᠭ︶ ᠤ ︿ᠬᠤᠶᠠᠷ ᠵᠥᠪᠯᠡᠯ﹀ ᠤᠨ ᠬᠤᠭᠤᠴᠠᠭ᠎ᠠ ᠰᠣᠯᠢᠬᠤ ᠠᠵᠢᠯ ᠤᠨ ᠲᠥᠰᠦᠯ︾ ᠤᠨ 26 ᠵᠦᠢᠯ ᠤᠨ | ᠠᠵᠢᠯ ᠤᠨ ᠡᠭᠦᠷᠭᠡ ᠶᠢ ᠲᠣᠭᠤᠷᠢᠭ ᠤᠨ ᠲᠡᠰ ᠤᠨ 8 ᠵᠦᠢᠯ ᠤᠨ ᠡᠭᠦᠷᠭᠡ᠂ ᠪᠠᠯᠭᠠᠰᠤ ︵ᠵᠡᠭᠡᠯᠢ ᠭᠤᠳᠤᠮᠵᠢ︶ | ᠶᠢᠨ 22 ᠵᠦᠢᠯ ᠤᠨ ᠡᠭᠦᠷᠭᠡ᠂ ᠲᠣᠰᠬᠤᠨ ︵ᠨᠡᠶᠢᠭᠡᠮ ᠲᠣᠭᠤᠷᠢᠭ︶ ᠤ 13 ᠵᠦᠢᠯ ᠤᠨ ᠡᠭᠦᠷᠭᠡ ᠪᠣᠯᠭᠠᠨ | ᠨᠠᠷᠢᠯᠢᠬᠵᠢᠭᠤᠯᠤᠭᠰᠠᠨ ᠪᠥᠭᠡᠳ ᠡᠯ᠎ᠡ ᠱᠠᠲᠤᠨ ᠤ ᠡᠯ᠎ᠡ ᠱᠠᠲᠤᠨ ᠤ ᠡᠭᠦᠷᠭᠡ ᠶᠢᠨ ᠠᠭᠤᠯᠭ᠎ᠠ᠂ ᠠᠵᠢᠯ ᠤᠨ ᠲᠡᠰ | ᠳᠠᠷᠠᠭᠠᠯᠠᠯ᠂ ᠲᠦᠷᠦᠭᠦᠯᠡᠨ ᠬᠢᠬᠦ ᠤᠳᠤᠷᠢᠳᠤᠯᠭ᠎ᠠ᠂ ᠪᠣᠳᠠᠲᠠᠢ ᠬᠠᠷᠢᠭᠤᠴᠠᠯᠭᠠᠲᠠᠨ ᠪᠠ ᠪᠡᠶᠡᠯᠡᠭᠦᠯᠬᠦ ᠴᠠᠭ ᠤᠨ | ᠬᠢᠵᠠᠭᠠᠷ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠪᠢᠴᠢᠭ ᠲᠤ ᠢᠵᠢᠯ ᠠᠯᠬᠤᠮ ᠢᠶᠠᠷ ᠭᠠᠷ ᠤᠨ ᠦᠰᠦᠭ | ᠵᠢᠷᠤᠵᠤ᠂ ᠳ᠋ᠤᠭᠠᠷ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠡᠯ᠎ᠡ ᠵᠦᠢᠯ ᠤᠨ ᠠᠵᠢᠯ ᠢ ᠴᠠᠭ ᠲᠤᠬᠠᠢ ᠳᠤᠨᠢ ᠲᠡᠰ ᠳᠠᠷᠠᠭᠠᠯᠠᠯ | ᠲᠠᠢ ᠠᠬᠢᠭᠤᠯᠵᠤ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠪᠠ᠃ | ᠭᠦᠶᠴᠡᠳᠬᠡᠯ ᠲᠤᠭ᠎ᠠ ᠶᠢᠨ ᠱᠠᠭᠠᠷᠳᠠᠯᠭ᠎ᠠ ᠶᠢᠨ ᠨᠠᠷᠢᠨ ᠳᠠᠩᠰᠠ ᠪᠠᠶᠢᠭᠤᠯᠪᠠ᠃ ᠬᠠᠶᠢᠷᠤᠪ ᠤᠨ ᠲᠤᠬᠤᠢ | ᠲᠣᠭᠤᠷᠢᠭ ᠤᠨ ᠬᠢᠨ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠠᠵᠢᠯ ᠤᠨ ᠭᠦᠢᠴᠡᠳᠬᠡᠯ ᠲᠤᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ 48 ᠵᠦᠢᠯ ᠤᠨ ᠬᠠᠲᠠᠭᠤ ᠭᠦᠢᠴᠡᠳᠬᠡᠯ | ᠲᠤᠭ᠎ᠠ ᠶᠢ ᠲᠣᠳᠣᠷᠬᠠᠶᠢᠯᠠᠵᠤ᠂ ᠪᠠᠯᠭᠠᠰᠤ ︵ᠵᠡᠭᠡᠯᠢ ᠭᠤᠳᠤᠮᠵᠢ︶ ᠶᠢ ︽ᠴᠢᠩᠭ᠎ᠠ᠂ ᠪᠣᠳᠠᠲᠠᠢ᠂ ᠨᠠᠷᠢᠯᠢᠭ︾ | ᠪᠠᠶᠢᠬᠤ ᠵᠠᠷᠴᠢᠮ ᠢᠶᠠᠷ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠥᠷᠨᠢᠭᠦᠯᠵᠦ᠂ ᠠᠵᠢᠯ ᠢ ᠠᠷᠭᠠᠴᠠᠬᠤ | ᠦᠭᠡᠢ᠂ ᠱᠠᠭᠠᠷᠳᠠᠯᠭ᠎ᠠ ᠪᠠᠨ ᠪᠠᠭᠤᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠲᠤᠰ ᠤᠳᠠᠭᠠᠨ ᠤ ᠬᠤᠭᠤᠴᠠᠭ᠎ᠠ | ᠰᠣᠯᠢᠬᠤ ᠥᠨᠳᠥᠷ ᠪᠠᠷᠢᠮᠵᠢᠶ᠎ᠠ ᠴᠢᠨᠠᠷ ᠰᠠᠶᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠠᠩᠬ᠎ᠠ ᠠᠯᠬᠤᠮ ᠤᠨ ᠵᠢᠱᠢᠭᠳᠡᠭᠴᠢ ᠶᠢᠨ ᠲᠣᠳᠣᠷᠬᠠᠶ ᠬᠠᠭᠤᠳᠠᠰᠤ ᠶᠢ ᠪᠠᠶᠢᠭᠤᠯᠪᠠ᠃ ᠬᠠᠶᠢᠷᠤᠪ ᠤᠨ | ᠲᠣᠬᠤᠶ ᠲᠣᠭᠤᠷᠢᠭ ᠬᠤᠭᠤᠴᠠᠭ᠎ᠠ ᠰᠣᠯᠢᠬᠤ ᠠᠴᠠ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠠᠵᠢᠯ ᠲᠠᠢ | ᠤᠶᠠᠯᠳᠤᠭᠤᠯᠤᠨ᠂ ︽ᠬᠤᠶᠠᠷ ᠵᠥᠪᠯᠡᠯ︾ ᠤᠨ ᠵᠢᠱᠢᠭᠳᠡᠭᠴᠢ ᠶᠢᠨ ᠠᠩᠬ᠎ᠠ ᠠᠯᠬᠤᠮ ᠤᠨ ᠵᠢᠱᠢᠭᠳᠡᠭᠴᠢ ᠶᠢᠨ | ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠠᠩᠬ᠎ᠠ ᠠᠯᠬᠤᠮ ᠤᠨ ᠵᠢᠱᠢᠭᠳᠡᠭᠴᠢ ᠶᠢᠨ ᠨᠠᠰᠤ | ᠵᠢᠯ᠂ ᠰᠤᠷᠤᠯᠭ᠎ᠠ ᠶᠢᠨ ᠨᠠᠮᠲᠠᠷ᠂ ᠤᠯᠤᠰ ᠲᠥᠷᠥ ᠶᠢᠨ ᠳᠦᠷᠰᠦ ᠪᠠᠶᠢᠳᠠᠯ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ | ᠶᠢ ᠪᠥᠬᠦ ᠲᠠᠯ᠎ᠠ ᠪᠠᠷ ᠡᠵᠡᠮᠰᠢᠵᠦ᠂ ᠡᠯ᠎ᠡ ᠲᠥᠷᠥᠯ ᠤᠨ ᠰᠢᠯᠢᠳᠡᠭ ᠴᠢᠳᠠᠪᠤᠷᠢᠲᠠᠨ ᠤ ᠲᠣᠰᠬᠤᠨ ︵ᠨᠡᠶᠢᠭᠡᠮ | ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠳᠤ ᠤᠷᠤᠭᠰᠢᠲᠠᠶ ᠣᠷᠣᠯᠴᠠᠬᠤ ᠶᠢ | ᠦᠨᠡᠨ ᠬᠦ ᠪᠠᠲᠤᠯᠠᠵᠤ᠂ ᠰᠠᠶᠢᠨ ᠤ ᠳᠣᠲᠣᠷ᠎ᠠ ᠠᠴᠠ ᠰᠢᠯᠢᠳᠡᠭ ᠢ ᠰᠣᠩᠭᠤᠬᠤ᠂ ᠰᠢᠯᠢᠳᠡᠭ ᠤᠨ ᠳᠣᠲᠣᠷ᠎ᠠ ᠠᠴᠠ | ᠬᠦᠴᠦᠷᠬᠡᠭ ᠢ ᠰᠣᠩᠭᠤᠬᠤ ᠶᠢ ᠦᠨᠡᠨ ᠬᠦ ᠪᠡᠶᠡᠯᠡᠭᠦᠯᠵᠦ᠂ ᠵᠢᠱᠢᠭᠳᠡᠭᠴᠢ ᠶᠢ ᠨᠠᠷᠢᠯᠢᠭ ᠣᠨᠣᠴᠠᠲᠠᠶ ᠪᠠᠷ ᠰᠣᠩᠭᠤᠨ | ᠲᠣᠬᠢᠷᠠᠭᠤᠯᠬᠤ ᠶᠢ ᠬᠦᠴᠦᠯᠡᠨ ᠪᠡᠶᠡᠯᠡᠭᠦᠯᠪᠡ᠃ |