ᠮᠠᠨ ᠤ ᠬᠤᠲᠠ ᠶᠢᠨ ᠶᠢᠰᠦᠨ ᠲᠥᠷᠥᠯ ᠤᠨ ᠭᠤᠤᠯᠳᠠᠯᠭ᠎ᠠ ᠲᠠᠢ ᠬᠥᠮᠦᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠵᠦ ᠡᠬᠢᠯᠡᠪᠡ
ᠨᠡᠶᠢᠲᠡᠯᠡᠭᠰᠡᠨ ᠴᠠᠭ᠄
2021/1/8
     ᠡᠪᠦᠯ ᠤᠨ ᠤᠯᠠᠷᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠡᠬᠡᠲᠡᠶ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠬᠦ ᠠᠶᠤᠯ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠨᠢᠳᠤᠨᠤᠨ ᠤ 12 ᠰᠠᠷ᠎ᠠ ᠶᠢᠨ 8 ᠤ ᠡᠳᠦᠷ ᠠᠴᠠ ᠡᠬᠢᠯᠡᠨ᠂ ᠮᠠᠨ ᠤ ᠬᠤᠲᠠ ᠶᠢᠰᠦᠨ ᠲᠥᠷᠥᠯ ᠤᠨ ᠭᠤᠤᠯᠳᠠᠯᠭ᠎ᠠ ᠲᠠᠢ ᠬᠥᠮᠦᠰ ᠲᠤ ᠴᠢᠭᠯᠡᠭᠦᠯᠦᠭᠰᠡᠨ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢᠨ ᠠᠵᠢᠯ ᠢ ᠵᠠᠯᠭᠠᠭ᠎ᠠ ᠪᠠᠷ ᠡᠬᠢᠯᠡᠭᠦᠯᠪᠡ᠃      ᠲᠣᠰ ᠤᠳᠠᠭᠠᠨ ᠤ ᠸᠠᠺᠼᠢᠨ ᠤ ᠲᠠᠷᠢᠯᠭ᠎ᠠ ᠬᠢᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠠᠶᠢᠷᠣᠪ ᠤᠨ ᠲᠤᠬᠤᠢ ᠲᠣᠭᠤᠷᠢᠭ ᠤᠨ ᠬᠠᠢ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠲᠤ ᠡᠪᠡᠳᠴᠢᠨ ᠦᠵᠡᠭᠦᠯᠬᠦ ᠪᠠᠷ ᠬᠦᠯᠢᠶᠡᠬᠦ ᠲᠣᠭᠤᠷᠢᠭ᠂ ᠲᠠᠷᠢᠯᠭ᠎ᠠ ᠬᠢᠬᠦ ᠲᠣᠭᠤᠷᠢᠭ᠂ ᠦᠯᠡᠳᠡᠭᠡᠨ ᠠᠵᠢᠭᠯᠠᠬᠤ ᠲᠣᠭᠤᠷᠢᠭ᠂ ᠲᠠᠷᠢᠯᠭ᠎ᠠ ᠶᠢᠨ ᠲᠤᠰᠬᠠᠯ ᠢ ᠰᠡᠷᠭᠡᠶᠢᠯᠡᠨ ᠰᠢᠶᠳᠪᠦᠷᠢᠯᠡᠬᠦ ᠲᠠᠰᠤᠭ ᠵᠡᠷᠭᠡ ᠴᠢᠳᠠᠮᠵᠢᠳᠤ ᠲᠣᠭᠤᠷᠢᠭ ᠭᠠᠷᠭᠠᠪᠠ᠃ ᠣᠶᠢᠷ᠎ᠠ ᠳᠤ᠂ ᠬᠠᠶᠢᠷᠣᠪ ᠤᠨ ᠲᠤᠬᠤᠢ ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠣᠯᠤᠨ ᠬᠠᠶᠢᠷᠣᠪ ᠤᠨ ᠲᠤᠬᠤᠢ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ  ᠶᠢᠨ ᠠᠵᠢᠯᠲᠠᠳ ᠡᠮᠬᠢ ᠵᠢᠷᠤᠮ ᠲᠠᠢ᠂ ᠪᠦᠯᠦᠭ ᠤᠳᠠᠭ᠎ᠠ ᠬᠤᠪᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠵᠦ ᠡᠭᠢᠯᠡᠪᠡ᠃      ᠬᠠᠶᠢᠷᠣᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠠᠵᠢᠯᠲᠠᠨ ᠶᠦᠨ ᠫᠧᠩ᠄ ︽ᠸᠠᠺᠼᠢᠨ ᠤ ᠲᠠᠷᠢᠯᠭ᠎ᠠ ᠬᠢᠬᠦ  ᠨᠢ ᠥᠪᠡᠷ ᠤᠨ ᠪᠡᠶ᠎ᠡ ᠳᠡᠭᠡᠨ ᠬᠠᠷᠢᠭᠤᠴᠠᠵᠤ ᠪᠠᠶᠢᠬᠤ ᠶᠠᠪᠤᠳᠠᠯ ᠪᠣᠯᠬᠤ ᠪᠥᠭᠡᠳ ᠪᠠᠰᠠ ᠴᠤ ᠪᠤᠰᠤᠳ ᠲᠤ ᠬᠠᠷᠢᠭᠤᠴᠠᠵᠤ ᠪᠠᠶᠢᠭ᠎ᠠ ᠶᠠᠪᠤᠳᠠᠯ ᠪᠣᠯᠤᠨ᠎ᠠ᠂ ᠪᠢ ᠣᠳᠣᠬᠠᠨ ᠳᠤ ᠡᠷᠡᠭᠦᠯ ᠪᠤᠰᠤ ᠲᠤᠰᠬᠠᠯ ᠦᠭᠡᠢ︾ ᠬᠡᠵᠦ ᠬᠡᠯᠡᠵᠡᠢ      ᠬᠠᠶᠢᠷᠣᠪ ᠤᠨ ᠲᠤᠬᠤᠢ ᠲᠣᠭᠤᠷᠢᠭ ᠤᠨ ᠬᠠᠶ ᠪᠧᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠠᠴᠠ ᠭᠠᠳᠠᠨ᠎ᠠ ᠪᠠᠰᠠ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠵᠡᠷᠭᠡ 5 ᠲᠠᠷᠢᠯᠭ᠎ᠠ ᠶᠢᠨ ᠴᠢᠭ ᠪᠤᠢ᠃      ᠤᠳᠠ ᠲᠣᠭᠤᠷᠢᠭ ᠨᠢᠳᠤᠨᠤᠨ ᠤ 12 ᠰᠠᠷ᠎ᠠ ᠶᠢᠨ 19   ᠤ ᠡᠳᠦᠷ ᠠᠴᠠ ᠸᠠᠺᠼᠢᠨ ᠤ ᠲᠠᠷᠢᠯᠭ᠎ᠠ ᠬᠢᠬᠦ ᠠᠵᠢᠯ ᠢᠶᠠᠨ ᠡᠬᠢᠯᠡᠭᠦᠯᠵᠦ᠂ ᠣᠳᠣᠬᠠᠨ ᠳᠤ 963 ᠡᠮᠴᠢᠯᠡᠭᠡᠨ ᠤ ᠠᠵᠢᠯᠳᠠᠨ ᠪᠣᠯᠤᠨ ᠬᠦᠢᠳᠡᠨ ᠬᠡᠯᠬᠢᠶᠡᠲᠦ ᠢᠳᠡᠭᠡᠨ ᠤ ᠠᠵᠢᠯᠳᠠᠨ ᠳᠤ ᠠᠩᠬᠠᠳᠠᠭᠴᠢ ᠰᠢᠨ᠎ᠡ ᠲᠢᠲᠢᠮᠯᠢᠭ ᠸᠠᠺᠼᠢᠨ ᠢ ᠲᠠᠷᠢᠵᠦ ᠥᠭᠪᠡ᠃     ᠸᠠᠺᠼᠢᠨ ᠤ ᠲᠠᠷᠢᠯᠭ᠎ᠠ ᠬᠢᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠤᠳᠠ ᠲᠣᠭᠤᠷᠢᠭ ᠤᠨ ᠬᠢᠨ ᠪᠠᠶᠠᠨᠰᠠᠶᠢᠨ᠂ ᠰᠢᠨ ᠳ᠋ᠡ ᠵᠢᠴᠢ ᠪᠢᠨ ᠬᠠᠢ 3 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠢ ᠰᠣᠩᠭᠤᠨ ᠲᠠᠷᠢᠯᠭ᠎ᠠ ᠬᠢᠬᠦ‍ ᠴᠢᠭ ᠪᠣᠯᠭᠠᠭᠰᠠᠨ ᠪᠥᠭᠡᠳ ᠲᠠᠷᠢᠯᠭ᠎ᠠ ᠬᠢᠬᠦ ᠠᠵᠢᠯᠲᠠᠨ᠂ ᠭᠤᠤᠯ ᠡᠮᠨᠡᠯᠭᠡ ᠶᠢᠨ ᠬᠤᠷᠢᠶᠠᠨ ᠤ ᠠᠪᠤᠷᠠᠨ ᠵᠠᠰᠠᠬᠤ ᠠᠵᠢᠯᠲᠠᠨ ᠵᠢᠴᠢ ᠬᠤᠯᠪᠣᠭᠳᠠᠯ ᠪᠥᠬᠦᠶ ᠬᠠᠷᠢᠭᠤᠴᠠᠯᠭᠠᠲᠠᠨ ᠢ ᠤᠷᠢᠳ ᠬᠤᠵᠢᠳ 5 ᠤᠳᠠᠭ᠎ᠠ ᠲᠤᠰᠬᠠᠶ ᠮᠡᠷᠭᠡᠵᠢᠯ ᠤᠨ ᠪᠣᠯᠪᠠᠰᠤᠷᠠᠯ ᠬᠢᠯᠭᠡᠭᠰᠡᠨ ᠪᠠᠶᠢᠨ᠎ᠠ᠃ ᠡᠭᠦᠨ ᠤ ᠬᠠᠮᠲᠤ᠂ ᠭᠤᠤᠯ ᠡᠮᠨᠡᠯᠭᠡ ᠶᠢᠨ ᠬᠤᠷᠢᠶ᠎ᠠ ᠳᠤ ᠡᠮᠴᠢ ᠰᠤᠪᠢᠯᠠᠭᠴᠢ ᠲᠣᠮᠢᠯᠠᠨ ᠲᠠᠷᠢᠯᠭ᠎ᠠ ᠬᠢᠬᠦ‍ ᠴᠢᠭ ᠲᠤ ᠰᠠᠭᠤᠯᠭᠠᠵᠤ᠂ ᠲᠠᠷᠢᠯᠭ᠎ᠠ ᠬᠢᠭᠰᠡᠨ ᠤ ᠳᠠᠷᠠᠭ᠎ᠠ ᠡᠷᠡᠭᠦᠯ ᠪᠤᠰᠤ ᠲᠤᠰᠬᠠᠯ ᠲᠠᠢ ᠬᠥᠮᠦᠰ ᠢ ᠪᠠᠴᠢᠮ ᠠᠪᠤᠷᠠᠨ ᠡᠮᠨᠡᠬᠦ ᠶᠢ ᠬᠠᠷᠢᠭᠤᠴᠠᠭᠤᠯᠬᠤ ᠬᠡᠷᠡᠭᠲᠡᠶ ᠭᠡᠵᠦ ᠱᠠᠭᠠᠷᠳᠠᠪᠠ᠃      ᠬᠠᠶᠢᠨᠠᠨ ᠲᠣᠭᠤᠷᠢᠭ ᠨᠢᠳᠤᠨᠤᠨ ᠤ 12 ᠰᠠᠷ᠎ᠠ ᠶᠢᠨ 26 ᠤ ᠡᠳᠦᠷ ᠷᠠᠰᠢᠵᠦ᠋ᠩ᠂ ᠬᠦᠬᠤᠰᠣ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠪᠣᠯᠤᠨ ᠪᠠᠶᠠᠨᠲᠣᠬᠤᠶ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ 3 ᠭᠠᠵᠠᠷ ᠲᠤ ᠲᠠᠷᠢᠯᠭ᠎ᠠ ᠬᠢᠬᠦ‍ ᠴᠢᠭ ᠭᠠᠷᠭᠠᠵᠤ᠂ ᠭᠤᠤᠯᠳᠠᠯᠭ᠎ᠠ ᠲᠠᠢ ᠬᠥᠮᠦᠰ ᠲᠤ ᠰᠢᠨ᠎ᠡ ᠲᠢᠲᠢᠮᠯᠢᠭ ᠸᠠᠺᠼᠢᠨ ᠳᠠᠷᠢᠭᠤᠯᠵᠤ᠂ ᠲᠠᠷᠢᠯᠭ᠎ᠠ ᠶᠢᠨ ᠠᠵᠢᠯ ᠡᠬᠢᠯᠡᠭᠰᠡᠨ ᠤ ᠳᠠᠷᠠᠭ᠎ᠠ ᠡᠳᠦᠷ ᠪᠦᠷᠢ 200 ᠰᠢᠬᠠᠮ ᠬᠥᠮᠦᠨ ᠤᠳᠠᠭ᠎ᠠ ᠭᠥᠯᠢᠶᠡᠨ ᠠᠪᠴᠤ ᠪᠣᠯᠤᠨ᠎ᠠ᠃     ᠲᠣᠰ ᠤᠳᠠᠭᠠᠨ ᠤ ᠸᠠᠺᠼᠢᠨ ᠤ ᠲᠠᠷᠢᠯᠭ᠎ᠠ ᠶᠢ ︽ᠪᠠᠴᠢᠮ ᠪᠤᠰᠤ ᠪᠤᠯ ᠲᠠᠷᠢᠯᠭ᠎ᠠ ᠬᠢᠬᠦ ᠦᠭᠡᠢ᠂ ᠨᠢᠭᠡᠳᠦᠭᠡᠷ ᠹᠷᠣᠨᠲ ᠤᠨ ᠪᠢᠰᠢ ᠪᠤᠯ ᠲᠠᠷᠢᠯᠭ᠎ᠠ ᠬᠢᠬᠦ ᠦᠭᠡᠢ᠂ ᠰᠠᠶᠢᠨ ᠳᠤᠷ᠎ᠠ ᠶᠢᠨ ᠪᠤᠰᠤ ᠪᠤᠯ ᠲᠠᠷᠢᠯᠭ᠎ᠠ ᠬᠢᠬᠦ ᠦᠭᠡᠢ︾ ᠵᠠᠷᠴᠢᠮ ᠢ ᠴᠢᠩᠭ᠎ᠠ ᠵᠢᠷᠤᠮᠯᠠᠨ ᠬᠢᠬᠦ ᠶᠢᠨ ᠬᠠᠮᠲᠤ᠂ ᠲᠠᠷᠢᠯᠭ᠎ᠠ ᠬᠢᠬᠦ ᠶᠠᠪᠤᠴᠠ ᠳᠤ ︽ᠭᠤᠷᠪᠠ ᠶᠢ ᠪᠠᠶᠢᠴᠠᠭᠠᠨ ᠳᠣᠯᠤᠭ᠎ᠠ ᠶᠢ ᠬᠠᠷᠭᠤᠭᠤᠯᠵᠤ ᠨᠢᠭᠡ ᠶᠢ ᠰᠢᠯᠭᠠᠨ ᠪᠠᠲᠤᠯᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠦᠯᠡᠳᠡᠭᠡᠨ ᠠᠵᠢᠭᠯᠠᠬᠤ ᠲᠠᠰᠤᠭ ᠲᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠶ᠂ ᠮᠠᠭᠤ ᠨᠥᠯᠥᠭᠡ ᠥᠬᠡᠶ ᠪᠣᠯ ᠰᠠᠶ᠋ᠢ ᠶᠠᠪᠤᠵᠤ ᠪᠣᠯᠤᠨ᠎ᠠ ᠬᠡᠵᠦ ᠲᠤᠭᠳᠠᠭᠠᠵᠠᠢ᠃       ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠲᠦᠷᠦᠭᠦᠦ ᠪᠦᠯᠦᠭ ᠤᠨ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢᠨ ᠠᠵᠢᠯᠲᠠᠨ ᠤ ᠬᠦᠷᠢᠶ᠎ᠡ ᠬᠡᠪᠴᠢᠶ᠎ᠡ ᠪᠣᠯ᠄ ᠬᠦᠶᠲᠡᠨ ᠬᠡᠯᠬᠢᠶᠡᠲᠦ ᠪᠣᠳᠠᠰ ᠢ ᠭᠠᠳᠠᠭᠠᠳᠤ ᠠᠴᠠ ᠣᠷᠣᠭᠤᠯᠬᠤ ᠳᠤ ᠬᠤᠯᠪᠣᠭᠳᠠᠬᠤ ᠪᠣᠭᠤᠮᠲᠠ ᠶᠢᠨ ᠨᠢᠭᠡᠳᠦᠭᠡᠷ ᠹᠷᠣᠨᠲ ᠤᠨ ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠠᠵᠢᠯᠲᠠᠨ︔ ᠪᠣᠭᠤᠮᠲᠠ ᠶᠢᠨ ᠠᠴᠢᠶᠠᠯᠠᠵᠤ ᠪᠠᠭᠤᠯᠭᠠᠬᠤ᠂ ᠵᠥᠭᠡᠭᠡᠪᠦᠷᠢᠯᠡᠬᠦ᠂ ᠲᠡᠭᠡᠭᠡᠪᠦᠷᠢᠯᠡᠬᠦ ᠵᠡᠷᠭᠡ ᠬᠤᠯᠪᠤᠭᠳᠠᠯ ᠪᠦᠬᠦᠢ ᠬᠥᠮᠦᠰ︔ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠵᠠᠮ ᠲᠡᠭᠡᠭᠡᠪᠦᠷᠢ  ᠶᠢᠨ ᠠᠵᠢᠯᠲᠠᠨ︔ ᠠᠯᠪᠠᠨ ᠶᠠᠪᠤᠳᠠᠯ᠂ ᠬᠤᠪᠢ ᠶᠢᠨ ᠶᠠᠪᠤᠳᠠᠯ ᠢᠶᠠᠷ ᠭᠠᠳᠠᠭᠠᠳᠤ ᠳᠤ ᠭᠠᠷᠴᠤ ᠠᠵᠢᠯᠯᠠᠬᠤ᠂ ᠰᠤᠷᠤᠯᠴᠠᠬᠤ ᠬᠥᠮᠦᠰ︔ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠤᠨ ᠲᠦᠭᠰᠢᠭᠦᠷᠢ ᠨᠡᠯᠢᠶᠡᠳ ᠶᠡᠭᠡ ᠪᠠᠶᠢᠭ᠎ᠠ ᠬᠢᠯᠢ ᠶᠢᠨ ᠪᠣᠭᠤᠮᠲᠠ ᠶᠢᠨ ᠠᠵᠢᠯᠲᠠᠨ︔ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ᠂ ᠵᠠᠰᠠᠭ ᠤᠨ ᠣᠷᠳᠣᠨ  ᠤ ᠠᠯᠪᠠᠨ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ᠂ ᠵᠡᠪᠰᠡᠭᠲᠦ ᠴᠠᠭᠳᠠᠭ᠎ᠠ᠂ ᠭᠠᠯ ᠤᠨᠲᠠᠷᠠᠭᠠᠬᠤ᠂ ᠨᠡᠶᠢᠭᠡᠮ ᠲᠣᠭᠤᠷᠢᠭ ᠤᠨ ᠠᠵᠢᠯᠲᠠᠨ︔ ᠤᠰᠤ᠂ ᠴᠠᠬᠢᠯᠭᠠᠨ᠂ ᠢᠯᠴᠢ᠂ ᠨᠡᠭᠦᠷᠡᠰᠦ᠂ ᠬᠡᠢ ᠵᠡᠷᠭᠡ ᠶᠢᠨ ᠬᠤᠯᠪᠣᠭᠳᠠᠯ ᠪᠦᠬᠦᠢ ᠬᠥᠮᠦᠰ︔ ᠵᠠᠮ ᠬᠠᠷᠢᠯᠴᠠᠭ᠎ᠠ᠂ ᠪᠠᠷᠠᠭ᠎ᠠ ᠶᠢᠨ ᠭᠦᠶᠯᠭᠡᠭᠡ᠂ ᠨᠠᠰᠤᠵᠢᠯ ᠤᠨ ᠠᠰᠠᠷᠠᠮᠵᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠷᠣᠰᠢᠭᠤᠯᠭ᠎ᠠ᠂ ᠴᠢᠮᠡᠭᠡ ᠬᠤᠯᠪᠣᠭ᠎ᠠ ᠶᠢᠨ ᠬᠤᠯᠪᠤᠭᠳᠠᠯ ᠪᠦᠬᠦᠢ ᠬᠥᠮᠦᠰ︔ ᠪᠠᠴᠢᠮ ᠲᠠᠷᠢᠯᠭ᠎ᠠ ᠬᠢᠬᠦ ᠴᠢᠬᠤᠯᠠᠲᠠᠶ ᠪᠤᠰᠤᠳ 9 ᠲᠥᠷᠥᠯ ᠤᠨ ᠭᠤᠤᠯᠳᠠᠯᠭ᠎ᠠ ᠲᠠᠢ ᠬᠥᠮᠦᠰ ᠪᠠᠭᠳᠠᠨ᠎ᠠ᠃ ᠲᠠᠷᠢᠯᠭ᠎ᠠ ᠶᠢᠨ ᠠᠵᠢᠯᠲᠠᠨ ᠲᠠᠷᠢᠯᠭ᠎ᠠ ᠬᠢᠭᠰᠡᠨ ᠤ ᠳᠠᠷᠠᠭ᠎ᠠ 14 ᠠᠴᠠ 28 ᠡᠳᠦᠷ ᠤᠨ ᠬᠤᠭᠤᠷᠣᠨᠳᠣ ᠬᠤᠶᠠᠳᠠᠬᠢ ᠲᠠᠷᠢᠯᠭ᠎ᠠ ᠬᠢᠬᠦ ᠬᠡᠷᠡᠭᠲᠡᠶ᠃      ᠮᠠᠨ ᠤ ᠬᠤᠲᠠ ᠵᠢᠱᠢᠯᠲᠡ ᠪᠠᠷ 2 ᠰᠠᠷ᠎ᠠ ᠶᠢᠨ 5 ᠤ ᠡᠳᠦᠷ ᠠᠴᠠ ᠡᠮᠦᠨ᠎ᠡ ᠭᠤᠤᠯᠳᠠᠯᠭ᠎ᠠ ᠲᠠᠢ ᠬᠥᠮᠦᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠪᠡᠶᠡᠯᠡᠬᠦᠯᠬᠦ ᠪᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号