ᠤᠳᠠ ᠲᠣᠭᠤᠷᠢᠭ ᠦᠬᠠᠢ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/11
     10 ᠰᠠᠷ᠎ᠠ ᠶᠢᠨ 9 ᠤ ᠡᠳᠦᠷ᠂ ᠤᠳᠠ ᠲᠣᠭᠤᠷᠢᠭ ᠦᠬᠠᠢ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃      ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠰᠦᠩ ᠶᠤᠸᠠᠢ ᠶᠢ ᠤᠷᠢᠵᠤ᠂ ᠲᠠᠪᠤᠨ ᠵᠢᠯ ᠤᠨ ᠡᠷᠡᠮᠡᠬᠡᠶᠢᠯᠡᠨ ᠲᠠᠪᠰᠢᠬᠤ ᠶᠢᠨ ᠲᠣᠭᠤᠷᠢᠨ ᠳᠤ ᠲᠤᠤᠷᠠᠭᠢ ᠮᠡᠲᠤ ᠵᠢᠷᠭᠤᠭᠠᠨ ᠲᠠᠯ᠎ᠠ ᠪᠠᠷ ᠬᠢᠴᠢᠶᠡᠯᠯᠡᠪᠡ᠄ ᠪᠦᠬᠦ ᠤᠯᠤᠰ ᠲᠠᠢ ᠬᠠᠮᠲᠤᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠪᠡ︔ ᠬᠥᠭᠵᠢᠯᠲᠡ ᠶᠢᠨ ᠪᠠᠶᠢᠳᠠᠯ ᠢ ᠭᠦᠨᠵᠡᠭᠡᠢ ᠰᠤᠳᠤᠯᠤᠨ ᠮᠠᠭᠠᠳᠯᠠᠵᠤ᠂ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠪᠡ︔ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠪᠡ︔ ᠠᠷᠠᠳ ᠲᠦᠮᠡᠨ ᠢᠶᠠᠷ ᠭᠤᠣᠯ ᠪᠣᠯᠭᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠴᠢᠨᠠᠷ ᠰᠠᠶᠢᠲᠠᠢ ᠠᠮᠢᠳᠤᠷᠠᠯ ᠢ ᠪᠡᠶᠡᠯᠡᠭᠦᠯᠬᠦ ᠶᠢ ᠠᠬᠢᠭᠤᠯᠪᠡ︔ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠥᠨᠳᠥᠷ ᠪᠦᠲᠦᠮᠵᠢᠲᠡᠢ ᠵᠠᠰᠠᠯᠲᠠ ᠶᠢ ᠪᠡᠶᠡᠯᠡᠭᠦᠯᠬᠦ ᠶᠢ ᠠᠬᠢᠭᠤᠯᠪᠡ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠪᠠᠷ ᠠᠬᠢᠭᠤᠯᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠦᠬᠠᠶ ᠬᠤᠲᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯ ᠬᠤᠲᠠ ᠶᠢᠨ ᠨᠠᠮ ᠤᠨ ᠬᠤᠷᠢᠶᠠᠨ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠥᠩᠭᠡᠷᠡᠭᠰᠡᠨ ᠲᠠᠪᠤᠨ ᠵᠢᠯ ᠤᠨ ᠠᠵᠢᠯ ᠤᠨ ᠲᠤᠷᠰᠢᠯᠭ᠎ᠠ ᠪᠠᠨ ᠪᠤᠰᠤᠳᠴᠢ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠢᠷᠡᠭᠡᠳᠦᠶ ᠶᠢᠨ ᠲᠠᠪᠤᠨ ᠵᠢᠯ ᠴᠢᠨᠠᠭᠰᠢᠯᠠᠪᠠᠯ ᠨᠡᠩ ᠤᠷᠲᠤ ᠬᠤᠭᠤᠴᠠᠭᠠᠨ ᠤ ᠪᠦᠬᠦ ᠬᠤᠲᠠ ᠶᠢᠨ ᠬᠥᠭᠵᠢᠯᠲᠡ ᠶᠢᠨ ᠰᠢᠨ᠎ᠡ ᠵᠢᠷᠤᠭ ᠲᠥᠰᠦᠪ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢᠨ ᠲᠥᠯᠥᠭᠡ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠤᠯᠤᠨ᠎ᠠ᠂ ᠬᠤᠷᠠᠯ ᠤᠨ ᠢᠯᠡᠳᠬᠡᠯ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠴᠠᠭ ᠢ ᠪᠠᠷᠢᠮᠳᠠᠯᠠᠨ ᠪᠠᠶᠢᠳᠠᠯ ᠢ ᠰᠢᠨᠵᠢᠵᠦ᠂ ᠪᠦᠬᠦ ᠤᠯᠤᠰ᠂ ᠪᠦᠬᠦ ᠥᠪᠡᠷᠲᠡᠭᠡᠨ ᠵᠠᠰᠠᠬᠤ ᠣᠷᠣᠨ ᠤ ᠶᠡᠭᠡ ᠲᠠᠯ᠎ᠠ ᠳᠤ ᠵᠣᠭᠰᠣᠵᠤ᠂ ᠪᠦᠬᠦ ᠬᠤᠲᠠ ᠶᠢᠨ ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠲᠣᠭᠲᠠᠭᠰᠠᠨ ᠴᠢᠭᠯᠡᠯ ᠲᠠᠢ ᠪᠠᠷ ᠵᠢᠷᠤᠭᠯᠠᠵᠤ᠂ ︽ᠨᠢᠭᠡ ᠶᠢ ᠵᠢᠷᠣᠮᠯᠡᠯ ᠢ ᠪᠠᠷᠢᠮᠲᠠᠯᠠᠵᠤ᠂ ᠨᠢᠭᠡ ᠭᠤᠣᠯ ᠱᠤᠭᠤᠮ ᠢ ᠲᠤᠤᠱᠯᠠᠭᠤᠯᠵᠤ ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠶᠢ ᠳᠤᠷᠠᠳᠴᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠵᠢᠯᠣᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠪᠠᠶᠢᠵᠤ᠂ ᠪᠢᠳᠡᠨ ᠤ ᠳᠠᠷᠠᠭᠠᠴᠢ ᠶᠢᠨ ᠱᠠᠲᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠪᠣᠳᠠᠲᠠᠢ ᠠᠷᠭ᠎ᠠ ᠵᠠᠮ ᠢ ᠵᠢᠭᠠᠵᠤ ᠥᠭᠴᠡᠢ᠃ ᠪᠦᠬᠦ ᠲᠤᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠵᠤ᠂ ᠤᠨᠢᠨ ᠳᠡᠭᠡᠷ᠎ᠡ ᠨᠢ ᠣᠶᠢᠯᠠᠭᠠᠵᠤ᠂ ᠡᠷᠡᠰ ᠬᠡᠷᠡᠭᠵᠢᠬᠦᠯᠦᠨ ᠨᠠᠶᠢᠳᠠᠪᠤᠷᠢᠵᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠤᠨ ᠠᠭᠤᠯᠬᠤᠨ ᠢ ᠭᠦᠨᠵᠡᠭᠡᠶ ᠣᠶᠢᠯᠠᠭᠠᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠰᠤᠷᠤᠯᠴᠠᠨ ᠲᠤᠤᠱᠯᠠᠭᠤᠯᠬᠤ ᠠᠵᠢᠯ ᠢᠶᠠᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠪᠣᠳᠠᠲᠤ ᠠᠵᠢᠯᠯᠠᠭ᠎ᠠ ᠪᠠᠷ ᠢᠶᠠᠨ ᠠᠵᠢᠯᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠳᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠥᠷᠭᠡᠨ ᠤᠯᠠᠨ ᠲᠦᠮᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠷ ᠳᠠᠯᠠᠶᠢᠴᠠᠲᠠᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠬᠦᠴᠦᠨ ᠢ ᠬᠠᠮᠲᠤᠪᠠᠷ ᠨᠢᠭᠲᠠᠷᠠᠭᠤᠯᠵᠤ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠪᠠᠶᠢᠭ᠎ᠠ ᠪᠠᠶᠢᠳᠠᠯ ᠢ ᠥᠷᠭᠡᠨ ᠢᠶᠠᠷ ᠤᠬᠠᠭᠤᠯᠤᠨ ᠮᠡᠳᠡᠭᠡᠯᠡᠵᠦ᠂ ᠤᠯᠠᠨ ᠬᠡᠯᠪᠡᠷᠢ ᠶᠢᠨ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠵᠦ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号