ᠬᠤᠳᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 42 ᠳ᠋ᠤᠭᠠᠷ ᠣᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠡ
ᠨᠡᠶᠢᠲᠡᠯᠡᠭᠰᠡᠨ ᠴᠠᠭ᠄
2021/10/11
     10 ᠰᠠᠷ᠎ᠠ ᠶᠢᠨ 9 ᠤ ᠡᠳᠦᠷ᠂ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 42 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠹᠧᠩ ᠰᠢᠤᠸᠠᠢ ᠲᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠿᠧᠨ ᠸᠧᠨ ᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠯᠢᠦ ᠵᠢᠶ ᠭᠤᠤ᠂ ᠦ᠋ ᠰᠢᠶᠤᠤ ᠾᠦᠢ᠂ ᠸᠧᠶ ᠠᠶ ᠯᠢᠨ ᠵᠢᠴᠢ ᠨᠠᠷᠢᠨ ᠪᠢᠴᠢᠭ ᠤᠨ ᠳᠠᠷᠤᠭ᠎ᠠ ᠽᠦᠸᠧ ᠶᠢᠩ ᠬᠤᠷᠠᠯ ᠳᠤ ᠣᠷᠣᠯᠴᠠᠵᠠᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠨ ᠬᠤᠷᠠᠯ ᠳᠤ ᠰᠤᠯᠠ ᠣᠷᠣᠯᠴᠠᠪᠠ᠃      ᠬᠤᠷᠠᠯ ᠳᠡᠭᠡᠷ᠎ᠡ᠂ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠰᠢᠶᠤᠤ ᠾᠦᠢ᠂ ᠸᠠᠩ ᠶᠢᠨ᠂ ᠸᠧᠢ ᠠᠢ ᠯᠢᠨ ᠵᠢᠴᠢ ᠬᠡᠰᠡᠭ ᠵᠥᠪᠯᠡᠯ ᠤᠨ ᠬᠠᠷᠢᠭᠤᠴᠠᠯᠭᠠᠲᠠᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ ᠃ ᠬᠤᠷᠠᠯ ᠠᠴᠠ ᠪᠠᠰᠠ ︽ᠲᠣᠭᠤᠷᠢᠭ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠠᠨᠠᠯ ︵ᠲᠥᠰᠦᠯ︶︾ ᠢ ᠬᠢᠨᠠᠨ ᠵᠥᠪᠯᠡᠵᠦ᠂ ᠬᠤᠳᠠ ᠲᠣᠭᠤᠷᠢᠭ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ᠶᠢᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃      ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠬᠤᠲᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠦᠴᠦ ᠲᠠᠯᠪᠢᠨ ᠰᠠᠶᠢᠲᠤᠷ ᠠᠳᠬᠤᠵᠤ᠂ ᠬᠤᠲᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠲᠡᠷᠡ ᠬᠡᠪ ᠢᠶᠠᠷ ᠨᠢ ᠰᠤᠷᠤᠯᠴᠠᠬᠤ ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠠᠤᠯᠢ ᠲᠣᠭᠲᠠᠭᠠᠬᠤ ᠠᠵᠢᠯ ᠤᠨ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠤᠣᠯ ᠴᠣᠭᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ︔ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠤᠳᠠ ᠲᠣᠭᠤᠷᠢᠭ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠬᠦᠴᠦᠯᠡᠨ ᠰᠠᠶᠢᠲᠤᠷ ᠠᠳᠬᠤᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠬᠡᠷᠡᠭᠲᠡᠢ︔ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠭᠦᠷᠭᠡ ᠶᠢ ᠡᠷᠲᠡᠬᠡᠨ ᠲᠥᠯᠥᠪᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠪᠠᠨ ᠤᠷᠢᠳᠴᠢᠯᠠᠨ ᠪᠣᠳᠣᠯᠬᠢᠯᠠᠵᠤ᠂ ᠡᠭᠦᠷᠭᠡ ᠶᠢᠨ ᠲᠣᠬᠢᠷᠠᠭᠤᠯᠤᠯᠲᠠ ᠪᠠᠨ ᠲᠣᠳᠣᠷᠬᠠᠶᠢᠯᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠭᠤᠷᠪᠠᠨ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠢ ᠥᠷᠭᠡᠨ ᠢᠶᠠᠷ ᠬᠤᠷᠢᠶᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号