ᠲᠠᠩ ᠢ ᠪᠥᠬᠦ ᠬᠤᠲᠠ ᠶᠢᠨ ᠰᠢᠨ᠎ᠡ ᠪᠠᠷ ᠳᠡᠪᠰᠢᠭᠦᠯᠦᠨ ᠲᠤᠰᠢᠶᠠᠯ ᠬᠠᠷᠢᠭᠤᠴᠠᠭᠰᠠᠨ ᠰᠢᠶᠠᠨ ᠭᠠᠵᠠᠷ ᠤᠨ ᠲᠠᠰ ᠤᠨ ᠺᠠᠳ᠋ᠷ ᠯᠤᠭ᠎ᠠ ᠬᠠᠮᠲᠤ ᠶᠢᠨ ᠶᠠᠷᠢᠯᠴᠠᠬᠤ ᠬᠤᠷᠠᠯ ᠬᠤᠷᠠᠯᠳᠤᠭᠤᠯᠪᠡ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠪᠥᠬᠦ ᠬᠤᠲᠠ ᠶᠢᠨ ᠰᠢᠨ᠎ᠡ ᠪᠠᠷ ᠳᠡᠪᠰᠢᠭᠦᠯᠦᠨ ᠲᠤᠰᠢᠶᠠᠯ ᠬᠠᠷᠢᠭᠤᠴᠠᠭᠰᠠᠨ ᠰᠢᠶᠠᠨ ᠭᠠᠵᠠᠷ ᠤᠨ ᠲᠠᠰ ᠤᠨ ᠺᠠᠳ᠋ᠷ ᠯᠤᠭ᠎ᠠ ᠬᠠᠮᠲᠤ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠠᠩ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠤᠷᠠᠯ ᠳᠤ ᠣᠷᠣᠯᠴᠠᠪᠠ᠃ ᠶᠠᠩ ᠱᠤᠸᠠᠨ ᠬᠤ᠋᠂ ᠵᠤᠤ ᠶᠦᠩ ᠹᠸᠢ᠂ ᠭᠧᠩ ᡁᠢ᠂ ᠲᠢᠶᠠᠨ ᠵᠢᠶᠧ᠂ ᠴᠧᠨ ᠸᠧᠨ ᠶᠢᠨ ᠵᠡᠷᠭᠡ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠢᠶᠠᠨ ᠭᠠᠵᠠᠷ ᠤᠨ ᠲᠡᠰ ᠤᠨ 5 ᠺᠠᠳ᠋ᠷ ᠦᠭᠡ ᠬᠡᠯᠡᠪᠡ᠃      ᠲᠠᠩ ᠢ ᠵᠢᠭᠠᠵᠤ ᠭᠠᠷᠭᠠᠭᠰᠠᠨ ᠨᠢ᠂ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠴᠢᠬᠤᠯᠠ ᠶᠡᠭᠡ ᠬᠠᠷᠢᠭᠤᠴᠠᠯᠭ᠎ᠠ ᠪᠣᠯᠤᠨ ᠲᠡᠦᠬᠡᠲᠦ ᠡᠭᠦᠷᠭᠡ ᠶᠢ ᠴᠢᠷᠮᠠᠶᠢᠨ ᠪᠢᠴᠢᠭᠯᠡᠬᠦ ᠬᠡᠷᠡᠭᠳᠡᠢ᠃ ᠤᠯᠠᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠡᠨᠡ ᠵᠢᠯ ᠤᠨ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤᠴᠤᠳ ᠤᠨ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠳᠤᠷᠠᠳᠤᠭᠰᠠᠨ 48 ᠦᠰᠦᠭ ᠤᠨ ᠰᠤᠷᠭᠠᠯ ᠦᠭᠡ ᠶᠢ ᠬᠥᠮᠦᠨ ᠤ ᠠᠮᠢᠳᠤᠷᠠᠯ ᠤᠨ ᠵᠢᠷᠤᠮᠯᠠᠯ ᠪᠣᠯᠭᠠᠬᠤ ᠶᠢ ᠬᠦᠰᠡᠵᠦ ᠪᠠᠶᠢᠨ᠎ᠠ᠃ ᠵᠣᠬᠢᠶᠠᠨ ᠪᠠᠶᠢᠭᠤᠯᠤᠯᠲᠠ ᠠᠴᠠ ᠣᠯᠭᠤᠭᠰᠠᠨ ᠲᠠᠪᠴᠠᠩ ᠪᠠ ᠠᠵᠠ ᠲᠣᠬᠢᠶᠠᠯ ᠢ ᠬᠤᠪᠢ ᠲᠠᠬᠢᠨ ᠨᠠᠨᠳᠢᠩᠨᠠᠵᠤ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠪᠣᠳᠠᠲᠠᠢ ᠠᠵᠢᠯᠯᠠᠨ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠰᠢᠨ᠎ᠡ ᠠᠵᠢᠯ ᠤᠨ ᠪᠠᠶᠢᠷᠢᠨ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠲᠠᠪᠴᠠᠩ ᠳᠡᠭᠡᠷ᠎ᠡ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠵᠤ᠂ ᠪᠣᠳᠠᠲᠠᠢ ᠠᠵᠢᠯᠯᠠᠨ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠬᠦᠨᠳᠦ ᠨᠠᠶᠢᠳᠠᠯᠭ᠎ᠠ ᠶᠢ ᠬᠠᠷᠢᠭᠤᠯᠬᠤ ᠬᠡᠷᠡᠭᠳᠡᠢ ᠬᠡᠵᠡᠢ᠃      ᠲᠠᠩ ᠢ ᠱᠠᠭᠠᠷᠳᠠᠭᠰᠠᠨ ᠨᠢ᠂ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷ ᠡᠷᠬᠡᠪᠰᠢ ᠦᠨᠡᠨᠴᠢ ᠰᠢᠳᠤᠷᠭᠤ  ᠪᠠᠷ ᠰᠦᠭ ᠰᠦᠨᠡᠰᠦ ᠪᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠤᠯ ᠲᠡᠷᠢᠭᠦᠨ ᠴᠢᠬᠤᠯᠠ ᠱᠠᠭᠠᠷᠳᠠᠯᠭ᠎ᠠ ᠪᠣᠯᠬᠤ ᠶᠢ ᠢᠮᠠᠭᠲᠠ ᠪᠠᠲᠤ ᠴᠡᠭᠡᠵᠢᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠬᠡᠷᠡᠭᠲᠡᠢ᠃ ᠡᠷᠬᠡᠪᠰᠢ ᠠᠵᠢᠯ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠨᠠᠰᠤᠨ ᠲᠤᠷᠰᠢᠳᠠ ᠰᠤᠷᠤᠯᠴᠠᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠮᠳᠠᠨ ᠰᠤᠳᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯ ᠤᠨ ᠳᠤᠮᠳᠠ ᠪᠠᠨ ᠬᠠᠲᠠᠭᠤᠵᠢᠨ ᠪᠣᠯᠪᠠᠰᠤᠷᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠠᠲᠠᠭᠤ ᠴᠢᠳᠠᠪᠤᠷᠢ᠂ ᠵᠢᠩᠬᠢᠨᠢ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠴᠠᠭ ᠮᠥᠴᠡ ᠪᠢᠳᠡᠨ ᠢ ᠬᠦᠯᠢᠶᠡᠬᠦ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ᠂ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠬᠦ ᠬᠠᠳᠠᠨ ᠵᠣᠷᠢᠭ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠬᠤ ᠡᠷᠴᠢ ᠵᠣᠷᠢᠭ ᠡᠪᠦᠷᠯᠡᠵᠦ᠂ ᠰᠠᠨᠠᠭᠠᠴᠢᠯᠠᠭ᠎ᠠ ᠠᠴᠠ ᠪᠠᠨ ᠬᠥᠭᠵᠢᠯᠲᠡ ᠶᠢ ᠡᠷᠢᠯᠬᠢᠯᠡᠵᠦ᠂ ᠬᠦᠴᠦᠨ ᠢᠶᠠᠨ ᠲᠥᠪᠯᠡᠷᠡᠭᠦᠯᠦᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠡᠷᠢᠭᠦᠨ ᠤ ᠠᠵᠢᠯ ᠤᠨ ᠠᠮᠵᠢᠯᠲᠠ ᠪᠠᠷ ᠢᠶᠠᠨ ᠡᠯ᠎ᠡ ᠵᠦᠢᠯ ᠤᠨ ᠦᠢᠯᠡᠰ ᠢ ᠲᠦᠯᠬᠢᠨ ᠤᠷᠤᠭᠰᠢᠯᠠᠭᠤᠯᠬᠤ ᠬᠡᠷᠡᠭᠲᠡᠢ᠃ ᠡᠷᠬᠡᠪᠰᠢ ᠪᠣᠳᠠᠲᠠᠢ ᠶᠢ ᠡᠷᠬᠢᠮᠯᠡᠬᠦ ᠰᠤᠷᠲᠠᠯ ᠢ ᠪᠠᠳᠠᠷᠠᠭᠤᠯᠵᠤ᠂ ᠪᠡᠶ᠎ᠡ ᠪᠠᠷ ᠢᠶᠠᠨ ᠴᠢᠷᠮᠠᠶᠢᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠲᠦᠷᠦᠭᠦᠯᠡᠨ ᠰᠤᠷᠲᠠᠯ ᠢᠶᠠᠨ ᠬᠤᠪᠢᠷᠠᠭᠤᠯᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠪᠣᠳᠠᠲᠠᠢ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠷᠬᠡᠪᠰᠢ ᠠᠷᠢᠭᠤᠨ ᠴᠢᠬᠡᠴᠢ ᠪᠠᠶᠢᠬᠤ ᠴᠢᠨᠠᠷ ᠢᠶᠠᠨ ᠪᠠᠲᠤ ᠰᠠᠬᠢᠵᠤ᠂ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠡᠪᠦᠷᠯᠡᠵᠦ᠂ ᠢᠮᠠᠭᠲᠠ ᠰᠠᠬᠢᠯᠭ᠎ᠠ ᠪᠠᠲᠤ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠷᠬᠡ ᠪᠠᠨ ᠭᠤᠣᠯᠴᠢ ᠪᠠᠷ ᠬᠡᠷᠡᠭᠯᠡᠬᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠢᠮᠠᠭᠲᠠ ᠪᠠᠳᠠᠷᠠᠩᠭᠤᠢ ᠴᠤᠭ ᠵᠢᠪᠬᠤᠭ᠎ᠠ ᠲᠠᠢ᠂ ᠣᠮᠤᠭ ᠰᠦᠷ ᠲᠠᠢ᠂ ᠲᠥᠪ ᠴᠢᠬᠡᠴᠢ ᠪᠠᠶᠢᠬᠤ ᠶᠢ ᠪᠠᠷᠢᠮᠲᠠᠯᠠᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号