ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠮᠠᠨ ᠤ ᠬᠤᠲᠠ ᠳᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠪᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠬᠢᠳᠠᠯ ᠰᠣᠷᠪᠣᠯᠵᠢᠯᠠᠯ ᠤᠨ ᠲᠤᠪᠴᠢᠶᠠᠨ ᠤ ᠳᠠᠷᠤᠭ᠎ᠠ ᠡᠤ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠸᠠᠩ ᠰᠢᠤᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠳ᠋ᠠᠶ ᠶᠠᠨ ᠬᠠᠮᠲᠤ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ᠂ ᠬᠤᠳᠠ ᠶᠢᠨ ᠳᠡᠳ᠋ ᠳᠠᠷᠤᠭ᠎ᠠ ᠮᠤᠤ ᠵᠧᠨ ᠬᠠᠢ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃      ᠯᠢᠨ ᠱᠣᠣ ᠴᠦᠨ ᠨᠡᠷ ᠤᠷᠢᠳ ᠬᠤᠵᠢᠳ ᠬᠠᠶᠢᠨᠠᠨ ᠲᠣᠭᠤᠷᠢᠭ ᠤᠨ ᠷᠠᠰᠢᠵᠦ᠋ᠩ ᠤᠨ ᠲᠣᠮᠢᠯᠠᠭᠰᠠᠨ ᠰᠠᠯᠪᠤᠷᠢ᠂ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ᠂ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ᠂ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠤᠪᠢᠶᠠᠷᠢ ᠲᠥᠪ᠂ ᠬᠤᠳᠠ ᠶᠢᠨ ᠬᠥᠯᠥᠰᠥᠨ ᠠᠵᠢᠯᠴᠢᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠳᠡᠭᠡ ᠳᠤ ᠭᠦᠨᠵᠡᠭᠡᠶᠢᠷᠡᠵᠦ᠂ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠠᠵᠢᠯᠳᠠᠨ᠂ ᠬᠡᠷᠡᠭ ᠬᠦᠢᠴᠡᠳᠭᠡᠬᠦ ᠪᠠᠷ ᠢᠷᠡᠭᠰᠡᠨ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠪᠣᠯᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠠᠬᠢᠭᠤᠯᠤᠭᠰᠠᠨ ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ ᠶᠢ ᠨᠢ ᠨᠠᠷᠢᠨ ᠣᠶᠢᠯᠠᠭᠠᠪᠠ᠃      ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠢᠯᠭᠠᠷᠠᠭᠤᠯᠤᠨ ᠪᠠᠶᠢᠴᠠᠭᠠᠵᠤ ᠠᠷᠢᠯᠭᠠᠬᠤ ᠠᠵᠢᠯ ᠢ ᠪᠦᠬᠦ ᠲᠠᠯ᠎ᠠ ᠪᠠᠷ ᠰᠢᠰᠲ᠋ᠧᠮ ᠲᠠᠢ ᠪᠠᠷ ᠳᠥᠯᠭᠢᠨ ᠠᠬᠢᠭᠤᠯᠵᠤ᠂ ᠲᠣᠮᠢᠯᠠᠭᠰᠠᠨ ᠰᠠᠯᠪᠤᠷᠢ ᠪᠣᠯᠤᠨ ᠪᠠᠯᠭᠠᠰᠤ᠂ ᠵᠡᠭᠡᠯᠢ ᠭᠤᠳᠤᠮᠵᠢ ︵ᠨᠡᠶᠢᠭᠡᠮ ᠲᠣᠭᠤᠷᠢᠭ︶ ᠶᠢᠨ ᠬᠠᠮᠲᠤᠷᠠᠨ ᠡᠶᠡᠳᠡᠭᠦᠯᠬᠦ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠨᠡᠩ ᠣᠯᠠᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠵᠠᠮ ᠳᠤ ᠣᠷᠣᠭᠤᠯᠤᠨ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠶ ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠬᠦ ᠪᠠᠷ ᠴᠢᠷᠮᠠᠶᠢᠵᠤ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠮᠡᠳᠡᠬᠦᠯᠬᠦ ᠦᠭᠡᠢ︾ ᠪᠠᠶᠢᠬᠤ ᠶᠢ ᠪᠠᠲᠤᠯᠠᠬᠤ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ ᠰᠢᠢᠳᠪᠦᠷᠢᠯᠡᠬᠦ ᠲᠣᠭᠲᠠᠴᠠ ᠶᠢ ᠭᠦᠨᠵᠡᠭᠡᠶ ᠲᠦᠯᠬᠢᠨ ᠠᠬᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠬᠢᠬᠦ ᠬᠡᠷᠡᠭᠲᠡᠶ᠃ ᠤᠬᠠᠭᠤᠯᠭ᠎ᠠ ᠬᠥᠮᠦᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠠᠷᠠᠳ ᠤᠯᠠᠨ ᠤ ᠬᠢᠯᠪᠠᠷ ᠣᠶᠢᠯᠠᠭᠠᠮᠵᠢᠲᠠᠢ ᠦᠭᠡ ᠬᠡᠯᠡ᠂ ᠳᠤᠷᠠᠲᠠᠶ᠎ᠠ ᠬᠦᠯᠢᠶᠡᠨ ᠠᠪᠬᠤ ᠠᠷᠭ᠎ᠠ ᠬᠡᠯᠪᠡᠷᠢ ᠪᠠᠷ ᠠᠵᠢᠯ ᠢᠶᠠᠨ ᠥᠷᠨᠢᠭᠦᠯᠵᠦ᠂ ᠶᠣᠰᠣ ᠵᠦᠢ ᠬᠠᠤᠯᠢ ᠴᠠᠭᠠᠵᠠ ᠶᠢ ᠲᠤᠤᠱᠯᠠᠭᠤᠯᠬᠤ ᠶᠢ ᠬᠠᠮᠲᠤ ᠳᠤᠨᠢ ᠬᠠᠷᠠᠭᠠᠯᠵᠠᠵᠤ᠂ ᠦᠵᠡᠯ ᠰᠠᠨᠠᠭᠠᠨ ᠤ ᠠᠵᠢᠯ ᠢ ᠦᠨᠡᠨ ᠬᠦ ᠨᠠᠷᠢᠯᠢᠭ ᠬᠢᠵᠦ᠂ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢ ᠲᠤᠤᠱᠲᠠᠢ ᠶᠠᠷᠢᠵᠤ᠂ ᠪᠣᠳᠠᠲᠠᠢ ᠠᠵᠢᠯ ᠢ ᠪᠣᠳᠠᠲᠠᠢ ᠬᠢᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠤᠰ ᠲᠦᠷᠦ᠂ ᠬᠠᠤᠯᠢᠵᠢᠯ᠂ ᠶᠣᠰᠣ ᠰᠤᠷᠲᠠᠬᠤᠨ ᠢᠶᠠᠷ ᠵᠠᠰᠠᠬᠤ᠂ ᠥᠪᠡᠷᠲᠡᠭᠡᠨ ᠵᠠᠰᠠᠬᠤ᠂ ᠤᠶᠤᠨ ᠢᠶᠠᠷ ᠵᠠᠰᠠᠬᠤ ︽ᠲᠠᠪᠤ ᠶᠢ ᠠᠭᠤᠰᠤᠯᠴᠠᠭᠤᠯᠬᠤ︾ ᠶᠢ ᠠᠬᠢᠭᠤᠯᠵᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ ᠬᠡᠵᠡᠢ᠃      ᠯᠢᠨ ᠱᠤᠤ ᠴᠦᠨ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠲᠦᠢᠯ ᠢᠶᠠᠷ ᠴᠢᠬᠤᠯᠠᠴᠢᠯᠠᠵᠤ᠂ ᠬᠠᠶᠢᠨᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠳᠡᠭᠡᠨ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠮᠡᠳᠡᠭᠡ ᠵᠠᠩᠭᠢ ᠶᠢᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠤᠷ ᠲᠤ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠤᠪᠠ᠃      ᠲᠡᠷᠡ ᠴᠢᠬᠤᠯᠠᠴᠢᠯᠠᠭᠰᠠᠨ ᠨᠢ᠂ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠠᠷ ᠰᠢᠪᠲᠤᠯᠤᠯᠲᠠ ᠪᠣᠯᠭᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ ᠨᠢᠭᠡ ᠪᠦᠯᠦᠭ ︽ᠴᠢᠬᠤᠯᠠ ᠬᠡᠷᠡᠭ︾ ᠢ ᠬᠦᠴᠦ ᠲᠠᠯᠪᠢᠨ ᠰᠢᠢᠳᠪᠦᠷᠢᠯᠡᠵᠦ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠬᠤ ᠬᠡᠷᠡᠭᠲᠡᠶ᠃ ᠬᠤᠲᠠ ᠲᠣᠭᠤᠷᠢᠭ ᠬᠤᠶᠠᠷ ᠱᠠᠲᠤᠨ ᠤ ᠱᠦᠵᠢ ᠶᠢᠨ ᠲᠦᠷᠦᠭᠦᠯᠡᠨ ᠬᠡᠷᠡᠭ ᠳᠠᠭᠠᠭᠠᠴᠢᠯᠠᠬᠤ ᠬᠠᠷᠢᠭᠤᠴᠠᠯᠭ᠎ᠠ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ ᠠᠵᠢᠯ ᠢ ᠰᠠᠨᠠᠭᠠᠴᠢᠯᠠᠭ᠎ᠠ ᠠᠴᠠ ᠪᠠᠨ ᠰᠤᠳᠤᠯᠤᠨ ᠪᠠᠶᠢᠷᠢᠯᠠᠭᠤᠯᠵᠤ᠂ ᠲᠦᠷᠦᠭᠦᠯᠡᠨ ᠰᠤᠷᠪᠤᠯᠵᠢᠯᠠᠭ᠎ᠠ ᠶᠢ ᠭᠥᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠶᠢ ᠳᠥᠯᠭᠢᠨ ᠠᠬᠢᠭᠤᠯᠵᠤ᠂ ᠡᠷᠴᠢᠮ ᠢᠶᠠᠨ ᠴᠢᠩᠭᠠᠷᠠᠭᠤᠯᠤᠨ ︽ᠤᠴᠢᠷ ᠶᠠᠪᠤᠳᠠᠯ ᠢ ᠵᠠᠪᠠᠯ ᠰᠢᠢᠳᠪᠦᠷᠢᠯᠡᠬᠦ︾ ᠠᠵᠢᠯ ᠢ ᠳᠥᠯᠭᠢᠨ ᠠᠬᠢᠭᠤᠯᠵᠤ᠂ ᠬᠠᠷᠢᠭᠤᠴᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ ᠠᠰᠠᠭᠤᠳᠠᠯ ᠢ ᠪᠣᠳᠠᠲᠠᠶ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠤᠳᠤᠷᠢᠳᠬᠤ ᠺᠠᠳ᠋ᠷ ᠬᠡᠷᠡᠭ ᠢ ᠳᠠᠭᠠᠭᠠᠴᠢᠯᠠᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠣᠯᠠᠨ ᠲᠦᠮᠡᠨ ᠢ ᠭᠥᠯᠢᠶᠡᠨ ᠠᠪᠬᠤ ᠳᠠᠭᠠᠨ ᠬᠠᠰᠢ ᠶᠠᠰᠢ ᠪᠠᠷ ᠥᠩᠭᠡᠷᠡᠭᠦᠯᠬᠦ ᠶᠢ ᠶᠠᠭᠠᠬᠢᠭᠰᠠᠨ ᠴᠤ ᠵᠥᠪᠰᠢᠶᠡᠷᠡᠬᠦ ᠥᠬᠡᠶ ᠪᠠᠶᠢᠬᠤ ᠬᠡᠷᠡᠭᠲᠡᠶ᠃ ᠤᠯᠠᠨ ᠲᠦᠮᠡᠨ ᠤ ᠲᠠᠯ᠎ᠠ ᠠᠴᠠ ᠠᠰᠠᠭᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠵᠤ᠂ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠩᠬ᠎ᠠ ᠬᠦᠯᠢᠶᠡᠨ ᠠᠪᠴᠤ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳᠠᠷᠦ᠋ᠢᠬᠠᠨ ᠰᠢᠢᠳᠪᠦᠷᠢᠯᠡᠬᠦ ᠶᠢ ᠰᠠᠨᠠᠭᠠᠴᠢᠯᠠᠵᠤ᠂ ᠪᠠᠭ᠎ᠠ ᠶᠠᠪᠤᠳᠠᠯ ᠢ ᠤᠳᠠᠭᠠᠰᠢᠷᠠᠭᠤᠯᠤᠨ ᠶᠡᠬᠡᠳᠬᠡᠬᠦ ᠠᠴᠠ ᠵᠠᠶᠢᠯᠠᠰᠬᠢᠵᠦ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠰᠢᠢᠳᠪᠦᠷᠢᠯᠡᠵᠦ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号