︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠬᠦᠯᠦᠯᠭᠡ︾ ᠶᠢᠨ ᠪᠥᠬᠦ ᠤᠯᠤᠰ ᠤᠨ ᠤᠷᠠᠨ ᠪᠢᠴᠢᠯᠭᠡ ᠶᠢᠨ ᠪᠦᠲᠦᠭᠡᠯ ᠤᠨ ᠦᠵᠡᠬᠦᠯᠦᠯᠭᠡ ᠵᠢᠴᠢ ᠣᠲᠣ ᠦᠶ᠎ᠡ ᠶᠢᠨ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ︵ᠦᠬᠠᠶ︶ ᠶᠢᠨ ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠮᠠᠨ ᠤ ᠬᠤᠲᠠ ᠳᠤ ᠶᠠᠪᠤᠭᠳᠠᠬᠤ ᠪᠠᠷ ᠪᠣᠶ
ᠨᠡᠶᠢᠲᠡᠯᠡᠭᠰᠡᠨ ᠴᠠᠭ᠄
2021/10/15
     10 ᠰᠠᠷ᠎ᠠ ᠶᠢᠨ 19 ᠤ ᠡᠳᠦᠷ ᠠᠴᠠ 22 ᠤᠨ ᠡᠳᠦᠷ ᠪᠣᠯᠲᠠᠯ᠎ᠠ᠂ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠭᠦᠯᠦᠯᠭᠡ︾ ᠶᠢᠨ ᠪᠥᠬᠦ ᠤᠯᠤᠰ ᠤᠨ ᠤᠷᠠᠨ ᠪᠢᠴᠢᠯᠭᠡ ᠶᠢᠨ ᠪᠦᠲᠦᠭᠡᠯ ᠤᠨ ᠦᠵᠡᠭᠦᠯᠦᠯᠭᠡ ᠵᠢᠴᠢ ᠣᠲᠣ ᠦᠶ᠎ᠡ ᠶᠢᠨ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ︵ᠦᠬᠠᠶ︶ ᠶᠢᠨ ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠮᠠᠨ ᠤ ᠬᠤᠲᠠ ᠶᠢᠨ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠶᠠᠪᠤᠭᠳᠠᠬᠤ ᠪᠣᠯᠤᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠳᠡᠯᠭᠡᠨ ᠦᠵᠡᠬᠦᠯᠬᠦ ᠪᠠᠷ ᠪᠠᠶᠢᠭ᠎ᠠ 298 ᠪᠦᠲᠦᠭᠡᠯ ᠢ ᠪᠥᠬᠦ ᠤᠯᠤᠰ ᠤᠨ ᠡᠯ᠎ᠡ ᠭᠠᠵᠠᠷ ᠠᠴᠠ ᠡᠯᠰᠡᠭᠰᠡᠨ 10667 ᠪᠦᠲᠦᠭᠡᠯ ᠤᠨ ᠳᠣᠲᠣᠷ᠎ᠠ ᠠᠴᠠ ᠰᠢᠯᠭᠠᠷᠠᠭᠤᠯᠤᠨ ᠭᠠᠷᠭᠠᠭᠰᠠᠨ ᠶᠤᠮ᠃ ᠲᠤᠬᠠᠶ ᠶᠢᠨ ᠦᠶ᠎ᠡ ᠳᠤ᠂ ᠬᠤᠷᠠᠯ ᠳᠤ ᠣᠷᠣᠯᠴᠠᠬᠤ ᠵᠣᠴᠢᠳ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠭᠦᠯᠦᠯᠭᠡ︾ ᠶᠢᠨ ᠪᠥᠬᠦ ᠤᠯᠤᠰ ᠤᠨ ᠤᠷᠠᠨ ᠪᠢᠴᠢᠯᠭᠡ ᠶᠢᠨ ᠪᠦᠲᠦᠭᠡᠯ ᠤᠨ ᠦᠵᠡᠭᠦᠯᠦᠯᠭᠡ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠡᠤᠬᠡᠨ ᠶᠠᠪᠤᠴᠠ ᠶᠢᠨ ᠦᠵᠡᠭᠦᠯᠦᠯᠭᠡ᠂ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠭᠦᠯᠦᠯᠭᠡ︾ ᠶᠢᠨ ᠣᠲᠣ ᠦᠶ᠎ᠡ ᠶᠢᠨ ᠤᠷᠠᠨ ᠪᠢᠴᠢᠯᠭᠡ ᠶᠢᠨ ᠲᠠᠪᠴᠠᠩ ᠤᠨ ᠨᠠᠷᠠᠲᠤ ᠤᠷᠠᠨ ᠪᠢᠴᠢᠯᠭᠡᠲᠡᠨ ᠤ ᠪᠦᠲᠦᠭᠡᠯ ᠤᠨ ᠤᠷᠢᠯᠭ᠎ᠠ ᠶᠢᠨ ᠦᠵᠡᠭᠦᠯᠦᠯᠭᠡ ᠵᠢᠴᠢ ᠣᠲᠣ ᠦᠶ᠎ᠡ ᠶᠢᠨ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ︵ᠦᠬᠠᠶ︶ ᠶᠢᠨ ᠡᠷᠳᠡᠮ ᠰᠢᠨᠵᠢᠯᠡᠭᠡᠨ ᠤ ᠶᠠᠷᠢᠯᠴᠠᠭᠠᠨ ᠤ ᠲᠠᠪᠴᠠᠩ ᠵᠡᠷᠭᠡ 3 ᠲᠠᠯᠠᠪᠤᠷ ᠠᠵᠢᠯᠯᠠᠭ᠎ᠠ ᠳᠤ ᠬᠠᠮᠲᠤ ᠪᠠᠷ ᠣᠷᠣᠯᠴᠠᠬᠤ ᠪᠣᠯᠤᠨ᠎ᠠ᠃      ᠣᠶᠢᠷ᠎ᠠ ᠶᠢᠨ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠷᠠᠨ ᠪᠢᠴᠢᠯᠭᠡ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2008 ᠣᠨ ᠳᠤ ᠮᠠᠨ ᠤ ᠬᠤᠲᠠ ᠶᠢ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ᠪᠦᠬᠦ ᠤᠯᠤᠰ ᠤᠨ ᠠᠩᠬᠠᠳᠠᠭᠴᠢ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠳᠠ︾ ᠪᠠᠷ ᠨᠡᠷᠡᠯᠡᠪᠡ᠃ 2011 ᠣᠨ ᠳᠤ᠂ ︽ᠳᠤᠮᠳᠠᠳᠤ ᠤᠯᠤᠰ ᠤᠨ ᠬᠠᠲᠠᠭᠤ ᠪᠢᠷ ᠤᠨ ᠤᠷᠠᠨ ᠪᠢᠴᠢᠯᠭᠡ ᠶᠢᠨ ᠨᠡᠷᠡᠳᠦ ᠬᠤᠳᠠ︾ ᠶᠢᠨ ᠢᠷᠠᠭᠤ ᠠᠯᠳᠠᠷ ᠢ ᠦᠬᠠᠢ ᠲᠠᠬᠢᠨᠳᠠ ᠬᠦᠷᠳᠡᠪᠡ᠃ 2012 ᠣᠨ ᠳᠤ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠢ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠰᠤᠷᠲᠠᠯ ᠤᠬᠠᠭᠤᠯᠭ᠎ᠠ ᠰᠣᠶᠣᠯ ᠤᠨ ᠲᠦᠷᠦᠯ ᠲᠡᠮᠳᠡᠭ ᠤᠨ ᠨᠢᠭᠡ ᠪᠠᠷ ᠲᠣᠭᠳᠠᠭᠠᠭᠳᠠᠵᠠᠢ᠃ 2015 ᠣᠨ ᠳᠤ᠂ ᠮᠠᠨ ᠤ ᠬᠤᠲᠠ ᠤᠯᠤᠰ ᠤᠨ ᠳᠣᠲᠣᠭᠠᠳᠤ ᠭᠠᠳᠠᠭᠠᠳᠤ ᠳᠤ ᠤᠷᠠᠨ ᠪᠢᠴᠢᠯᠭᠡ ᠶᠢᠨ ᠤᠷᠠᠯᠢᠭ ᠤᠨ ᠰᠡᠳᠬᠦᠯ ︽ᠣᠯᠠᠨ ᠨᠡᠶᠢᠲᠡ ᠶᠢᠨ ᠤᠷᠠᠨ ᠪᠢᠴᠢᠯᠭᠡ︾ ᠶᠢ ᠢᠯᠡ ᠪᠠᠷ ᠲᠠᠷᠬᠠᠭᠠᠪᠠ᠃      ᠮᠠᠨ ᠤ ᠬᠤᠲᠠ ᠶᠢᠨ ᠣᠷᠠᠨ ᠪᠢᠴᠢᠯᠭᠡ ᠶᠢᠨ ᠪᠠᠭ᠋ᠠᠳᠠᠳ ᠬᠡᠳᠦᠨ ᠲᠦᠮᠡ ᠬᠦᠷᠴᠦ᠂ ᠤᠷᠠᠨ ᠪᠢᠴᠢᠯᠭᠡ ᠶᠢᠨ ᠰᠣᠯᠢᠯᠴᠠᠭᠠᠨ ᠤ ᠠᠵᠢᠯᠯᠠᠭ᠎ᠠ ᠡᠳᠦᠷ ᠢᠷᠡᠬᠦᠶ᠎ᠡ ᠬᠥᠭᠵᠢᠶᠡᠨ ᠲᠠᠢ ᠪᠣᠯᠵᠤ᠂ 2008 ᠣᠨ ᠠᠴᠠ ᠨᠠᠭᠠᠰᠢ ᠡᠯ᠎ᠡ ᠲᠥᠷᠥᠯ ᠤᠨ ᠤᠷᠠᠨ ᠪᠢᠴᠢᠯᠭᠡ ᠤᠷᠠᠨ ᠵᠢᠷᠤᠭ ᠤᠨ ᠠᠵᠢᠯᠯᠠᠭ᠎ᠠ ᠶᠢ 550 ᠭᠠᠷᠤᠶ ᠤᠳᠠᠭ᠎ᠠ ᠡᠷᠬᠢᠯᠡᠵᠦ᠂ ᠤᠷᠢᠳ ᠬᠤᠵᠢᠳ ᠠᠷᠪᠠᠨ ᠨᠢᠭᠡᠳᠦᠭᠡᠷ ᠬᠤᠭᠤᠴᠠᠭᠠᠨ ᠤ ︽ᠬᠠᠲᠤᠨ ᠭᠤᠣᠯ ᠤᠨ ᠭᠡᠷᠡᠯᠲᠦ ᠰᠤᠪᠤᠳ · ᠦᠬᠠᠶ ᠶᠢᠨ ᠤᠷᠠᠨ ᠪᠢᠴᠢᠯᠭᠡ ᠶᠢᠨ ᠤᠷᠠᠯᠢᠭ ᠤᠨ ᠨᠠᠶᠢᠷ︾᠂ ᠳᠣᠯᠣᠳᠤᠭᠠᠷ ᠬᠤᠭᠤᠴᠠᠭᠠᠨ ᠤ ᠤᠷᠠᠨ ᠪᠢᠴᠢᠯᠭᠡ ᠶᠢᠨ ᠠᠵᠤ ᠦᠢᠯᠡᠰ ᠤᠨ ᠦᠵᠡᠬᠦᠯᠦᠯᠭᠡ ᠶᠢ ᠡᠷᠬᠢᠯᠡᠪᠡ᠃ ᠣᠲᠣ ᠪᠣᠯᠲᠠᠯ᠎ᠠ᠂ ᠮᠠᠨ ᠤ ᠬᠤᠲᠠ ᠳᠤ ᠳᠤᠮᠳᠠᠳᠤ ᠤᠯᠤᠰ ᠤᠨ ᠣᠷᠠᠨ ᠪᠢᠴᠢᠯᠭᠡ  ᠶᠢᠨ ᠨᠡᠶᠢᠭᠡᠮᠯᠢᠭ ᠤᠨ ᠭᠡᠰᠢᠭᠦᠨ 43 ᠬᠥᠮᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠠᠨ ᠪᠢᠴᠢᠯᠭᠡ ᠶᠢᠨ ᠨᠡᠶᠢᠭᠡᠮᠯᠢᠭ ᠤᠨ ᠭᠡᠰᠢᠭᠦᠨ 160 ᠬᠥᠮᠦᠨ᠂ ᠬᠤᠲᠠ ᠶᠢᠨ ᠲᠠᠰ ᠤᠨ ᠣᠷᠠᠨ ᠪᠢᠴᠢᠯᠭᠡ ᠶᠢᠨ ᠨᠡᠶᠢᠭᠡᠮᠯᠢᠭ ᠤᠨ ᠭᠡᠰᠢᠭᠦᠨ 2000 ᠭᠠᠷᠤᠶ ᠬᠥᠮᠦᠨ ᠪᠤᠯᠪᠠ᠃ ᠬᠡᠳᠦᠨ ᠠᠷᠪᠠᠨ ᠵᠢᠯ ᠤᠨ ᠬᠥᠭᠵᠢᠯᠲᠡ ᠪᠠᠷ ᠳᠠᠮᠵᠢᠭᠠᠳ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠳᠠ︾ ᠨᠢ ᠨᠢᠭᠡᠨᠲᠡ ᠦᠬᠠᠢ ᠬᠤᠳᠠ ᠶᠢᠨ ᠭᠠᠳᠠᠷ ᠳᠦᠷᠢ ᠲᠥᠷᠬᠦ ᠶᠢ ᠱᠤᠭᠤᠬᠤ ᠠᠯᠳᠠᠨ ᠬᠤᠳᠠ ᠶᠢᠨ ᠨᠡᠷ᠎ᠡ ᠶᠢᠨ ᠬᠠᠭᠤᠳᠠᠰᠤ ᠪᠣᠯᠵᠠᠢ᠃      ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠡᠪᠯᠡᠯ ᠤᠨ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠨ ᠡᠷᠭᠢᠯᠡᠵᠦ᠂ ᠮᠠᠨ ᠤ ᠬᠤᠲᠠ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠶ ᠶᠢᠨ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠶ ᠶᠢᠨ ᠪᠠᠶᠢᠭᠤᠯᠤᠯᠲᠠ ᠶᠢᠨ ᠬᠢᠷᠢ ᠲᠦᠪᠰᠢᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠭᠰᠠᠨ ᠶᠤᠮ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号