ᠶᠠᠩ ᠶᠢᠨ ᠬᠤᠨᠠᠨ ᠤ ᠱᠠᠨ ᠾᠧ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠲᠠᠢ ᠠᠭᠤᠯᠵᠠᠪᠠ
ᠨᠡᠶᠢᠲᠡᠯᠡᠭᠰᠡᠨ ᠴᠠᠭ᠄
2021/10/15
     10 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠨᠠᠨ ᠤ ᠱᠠᠨ ᠾᠧ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠽᠸᠦ ᠰᠢᠶᠠᠩ ᠹᠦ᠋ ᠨᠡᠷ ᠲᠠᠢ ᠠᠭᠤᠯᠵᠠᠵᠤ ᠂ ᠮᠠᠨ ᠤ ᠬᠤᠲᠠ ᠶᠢᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠨ ᠵᠥᠪᠳᠡᠯᠴᠡᠪᠡ᠃      ᠬᠤᠨᠠᠨ ᠤ ᠱᠠᠨ ᠾᠧ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠲᠥᠪᠯᠡᠷᠡᠭᠦᠯᠦᠨ ᠦᠢᠯᠡᠳᠪᠦᠷᠢᠯᠡᠬᠦ᠂ ᠰᠤᠷᠤᠯᠴᠠᠬᠤ᠂ ᠰᠤᠳᠤᠯᠬᠤ ᠶᠢ ᠤᠶᠠᠯᠳᠤᠭᠤᠯᠤᠭᠰᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠤᠷᠤᠭᠤᠯᠤᠭᠰᠠᠨ ᠳᠦᠷᠢᠮᠲᠦ ᠠᠵᠤ ᠠᠬᠤᠶᠢᠯᠠᠯ ᠪᠣᠯᠤᠨ᠎ᠠ᠂ ᠠᠵᠤ ᠠᠬᠤᠶᠢᠯᠠᠯ ᠤᠨ ᠭᠤᠣᠯᠯᠠᠭᠴᠢ ᠦᠢᠯᠡᠳᠬᠦᠨ ᠨᠢ ᠬᠡᠳᠦ ᠬᠦᠩᠭᠡᠨ ᠬᠡᠯᠪᠡᠷᠢ ᠶᠢᠨ ᠬᠥᠮᠦᠨ ᠰᠠᠭᠤᠯᠭᠠᠬᠤ ᠨᠢᠰᠬᠡᠯ᠂ ᠬᠥᠳᠡᠯᠭᠡᠬᠦ ᠬᠦᠴᠦᠨ ᠤ ᠭᠤᠷᠪᠠᠯᠵᠢᠨ ᠵᠢᠭᠦᠷ᠂ ᠳᠡᠭᠡᠳᠦ ᠳᠡᠰ ᠤᠨ ᠵᠢᠭᠤᠯᠴᠢᠯᠠᠯ ᠤᠨ ᠣᠩᠭᠤᠴᠠ᠂ ᠲᠣᠭᠲᠠᠮᠠᠯ ᠵᠢᠭᠦᠷᠲᠦ ᠵᠢᠯᠣᠭᠤᠴᠢ ᠦᠭᠡᠢ ᠨᠢᠰᠬᠡᠯ᠂ ᠠᠭᠠᠷ ᠤᠨ ᠠᠶᠠᠯᠠᠯ ᠤᠨ ᠬᠥᠳᠡᠯᠭᠡᠭᠦᠷ᠂ ᠠᠭᠠᠷ ᠤᠨ ᠠᠶᠠᠯᠠᠯ ᠤᠨ ᠲᠤᠰᠬᠠᠢ ᠲᠥᠬᠦᠭᠡᠷᠦᠮᠵᠢ ᠵᠡᠷᠭᠡ ᠪᠣᠯᠤᠨ᠎ᠠ᠃      ᠶᠠᠩ ᠶᠢᠨ ᠽᠸᠤ ᠰᠢᠶᠠᠩ ᠹᠦ᠋ ᠵᠡᠷᠭᠡ ᠬᠥᠮᠦᠰ ᠤᠨ ᠮᠠᠨ ᠤ ᠬᠤᠳᠠ ᠳᠤ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠦᠬᠠᠢ ᠬᠤᠳᠠ ᠶᠢᠨ ᠬᠢᠨ ᠤᠯᠤᠰ ᠤᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠪᠣᠯᠤᠨ ᠰᠢᠨ᠎ᠡ ᠴᠠᠭ ᠦᠶ᠎ᠡ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠤᠢᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠤᠨ ᠲᠣᠣᠷ ᠢ ᠬᠦᠴᠦᠯᠡᠨ ᠪᠠᠶᠢᠭᠤᠯᠵᠤ᠂ ᠠᠭᠠᠷ ᠤᠨ ᠲᠡᠭᠡᠭᠡᠪᠦᠷᠢ ᠶᠢᠨ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡ ᠪᠣᠯᠤᠨ ᠠᠭᠠᠷ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠵᠢᠭᠤᠯᠴᠢᠯᠠᠯ ᠤᠨ ᠠᠵᠤ ᠦᠢᠯᠡᠰ ᠪᠣᠯᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠤ ᠦᠢᠯᠡᠰ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠤ ᠦᠢᠯᠡᠰ ᠤᠨ ᠦᠷᠭᠦᠯᠵᠢᠯᠡᠨ ᠬᠦᠭᠵᠢᠬᠦ ᠳᠤ ᠬᠦᠴᠦᠳᠡᠢ ᠪᠠᠲᠤᠯᠠᠭ᠎ᠠ ᠬᠠᠩᠭᠠᠪᠠ᠃ ᠱᠠᠨ ᠾᠧ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠨ ᠲᠤᠰᠬᠠᠶ ᠮᠡᠷᠭᠡᠵᠢᠯ ᠤᠨ ᠨᠡᠶᠢᠳᠡᠮ ᠬᠡᠷᠡᠭᠯᠡᠭᠡᠨ ᠤ ᠠᠭᠠᠷ ᠤᠨ ᠨᠢᠰᠦᠭᠦᠷ ᠢ ᠰᠤᠳᠤᠯᠤᠨ ᠨᠡᠭᠡᠭᠡᠬᠦ᠂ ᠦᠢᠯᠡᠳᠬᠦ ᠠᠵᠢᠯ ᠢ ᠡᠷᠬᠢᠯᠡᠵᠦ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠮᠥᠨ᠂ ᠲᠡᠷᠡ ᠨᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠤᠯᠠᠨ ᠲᠦᠷᠦᠯ ᠵᠦᠢᠯ ᠂ ᠰᠢᠷᠢᠰᠵᠢᠭᠰᠡᠨ ᠠᠭᠠᠷ ᠤᠨ ᠠᠶᠠᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠠᠵᠤ ᠦᠢᠯᠡᠰᠵᠢᠭᠦᠯᠦᠨ ᠦᠢᠯᠡᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠠᠶ᠃ ᠠᠷᠠᠳ ᠤᠨ ᠠᠭᠠᠷ ᠤᠨ ᠲᠡᠭᠡᠭᠡᠪᠦᠷᠢ ᠶᠢᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠬᠥᠭᠵᠢᠯᠲᠡ ᠶᠢᠨ ᠶᠡᠭᠡ ᠬᠤᠷᠠᠯ ᠢᠶᠠᠷ ᠲᠠᠪᠴᠠᠩ ᠪᠣᠯᠭᠠᠵᠤ᠂ ᠬᠤᠶᠠᠷ ᠲᠠᠯ᠎ᠠ ᠶᠢᠨ ᠨᠢᠭᠲᠠ ᠰᠣᠯᠢᠯᠴᠠᠭ᠎ᠠ ᠶᠢ ᠠᠬᠢᠭᠤᠯᠵᠤ᠂ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠬᠤ ᠶᠢ ᠠᠬᠢᠭᠤᠯᠵᠤ᠂ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ  ᠤᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ᠂ ᠭᠠᠷ ᠬᠤᠯᠪᠣᠨ ᠬᠠᠮᠲᠤ ᠪᠠᠷ ᠤᠷᠤᠭᠰᠢᠯᠠᠬᠤ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠱᠠᠨ ᠾᠧ ᠰᠢᠨᠵᠢᠯᠡᠬᠦ ᠤᠬᠠᠭᠠᠨ ᠮᠡᠷᠭᠡᠵᠢᠯ ᠤᠨ ᠦᠬᠠᠢ ᠳᠠᠬᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠡᠮᠵᠢᠨ ᠪᠠᠲᠤᠯᠠᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠪᠣᠯᠤᠨ ᠣᠷᠴᠢᠨ ᠲᠣᠭᠤᠷᠢᠨ ᠢ ᠪᠤᠢ ᠪᠣᠯᠭᠠᠬᠤ ᠶᠢ ᠴᠢᠨᠠᠭᠰᠢᠳᠠ ᠴᠢᠩᠭᠠᠳᠬᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠡᠮᠬᠢ ᠳᠢᠭᠯᠢᠮ ᠲᠠᠢ ᠨᠠᠶᠢᠳᠠᠪᠤᠷᠢᠵᠢᠭᠤᠯᠤᠭᠳᠠᠬᠤ ᠶᠢ ᠠᠬᠢᠭᠤᠯᠤᠨ᠎ᠠ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号