ᠬᠤᠲᠠ ᠶᠢᠨ ᠵᠠᠰᠠᠭ ᠤᠨ ᠣᠷᠳᠣᠨ ᠤ 2021 ᠣᠨ ᠤ 18 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/18
     10 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠲᠠ ᠶᠢᠨ ᠵᠠᠰᠠᠭ ᠤᠨ ᠣᠷᠳᠣᠨ ᠤ 2021 ᠣᠨ ᠤ 18 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠱᠢ ᠲᠠᠢ ᠹᠧᠩ ᠱᠦᠵᠢ ᠶᠢᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ᠂ ᠪᠦᠬᠦ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠ ᠬᠤᠯᠪᠣᠭᠳᠠᠯ ᠪᠦᠬᠦᠢ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ᠂ ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠱᠢ ᠲᠠᠢ ᠹᠧᠩ ᠱᠦᠵᠢ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠬᠤᠳᠠ ᠶᠢᠨ ᠪᠦᠳᠦᠬᠡᠨ ᠪᠠᠶᠢᠭᠤᠯᠤᠯᠲᠠ ᠵᠡᠷᠭᠡ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠢᠳᠡᠨ ᠤ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠳᠤ ᠪᠣᠳᠠᠲᠠᠢ ᠠᠷᠭ᠎ᠠ ᠵᠠᠮ ᠢ ᠲᠣᠳᠣᠷᠬᠠᠢ ᠵᠢᠭᠠᠵᠤ ᠥᠭᠴᠡᠢ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠱᠢ ᠲᠠᠢ ᠹᠧᠩ ᠱᠦᠵᠢ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠠᠮᠢ ᠠᠬᠤᠶ ᠶᠢᠨ ᠬᠠᠮᠠᠭᠠᠯᠠᠯᠲᠠ ᠪᠠ ᠦᠬᠠᠶ ᠨᠠᠭᠤᠷ ᠤᠨ ᠬᠤᠷᠠᠳᠠᠰᠣ ᠶᠢ ᠠᠷᠢᠯᠭᠠᠬᠤ ᠠᠵᠢᠯ ᠢ ᠰᠠᠶᠢᠲᠤᠷ ᠬᠢᠵᠦ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠠᠯᠬᠤᠴᠠ ᠪᠠᠨ ᠲᠦᠷᠭᠡᠳᠬᠡᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠬᠦᠴᠦᠯᠡᠨ ᠪᠣᠶ ᠪᠣᠯᠭᠠᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠ ᠬᠤᠲᠠ ᠶᠢᠨ ᠥᠨᠳᠥᠷ ᠬᠢᠷᠢ ᠲᠦᠪᠰᠢᠨ ᠪᠥᠬᠦᠶ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠠᠮᠢ ᠠᠬᠤᠶ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠡᠷᠢᠭᠦᠯᠡᠭᠴᠢ ᠸᠠᠩ ᠯᠢ ᠰᠢᠶᠠ ᠶᠢᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢᠨ ᠳᠦᠷᠦᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢᠨ ᠳᠦᠷᠦᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠶᠠᠪᠤᠴᠠ ᠪᠦᠬᠦ ᠬᠡᠷᠡᠭ ᠶᠠᠪᠤᠳᠠᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠢᠯ ᠤᠨ ᠡᠴᠦᠰ ᠠᠴᠠ ᠡᠮᠦᠨ᠎ᠡ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ  ᠢᠶᠠᠨ ᠳᠡᠭᠡᠭᠰᠢᠯᠡᠭᠦᠯᠵᠦ᠂ ᠬᠦᠴᠢᠷ ᠲᠦᠪᠡᠭᠲᠡᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ᠲᠣᠭᠲᠠᠭᠤᠨ ᠳᠤ ᠬᠤᠯᠪᠣᠭᠳᠠᠬᠤ ᠠᠶᠤᠯ ᠲᠦᠭᠰᠢᠭᠦᠷᠢ ᠶᠢ ᠵᠣᠬᠢᠰᠲᠠᠢ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠰᠢ ᠶᠢᠨ ᠫᠢᠩ ᠶᠡᠷᠦᠩᠬᠡᠢ ᠱᠦᠵᠢ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︽1+7︾ ᠠᠵᠢᠯ ᠤᠨ ᠲᠥᠰᠦᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠬᠦ ᠪᠠᠷ ᠴᠢᠷᠮᠠᠶᠢᠬᠤ ᠬᠡᠷᠡᠭᠲᠡᠢ᠃ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠬᠤᠶᠠᠷ ᠬᠠᠷᠢᠭᠤᠴᠠᠯᠭ᠎ᠠ ᠬᠤᠶᠠᠷ ᠲᠠᠷᠤᠭ᠎ᠠ ᠶᠢᠨ ᠲᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠤᠰᠤᠨ ᠠᠰᠢᠭᠯᠠᠯᠲᠠ ᠶᠢᠨ ᠰᠠᠭᠤᠷᠢ ᠶᠢ ᠬᠠᠩᠭᠠᠬᠤ ᠬᠡᠷᠡᠭᠲᠡᠢ᠃ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠤᠬᠢᠷᠠᠭᠤᠯᠵᠤ ᠱᠠᠯᠠᠪᠳᠠᠭᠤᠯᠤᠨ ᠭᠦᠢᠴᠡᠳᠬᠡᠬᠦ ᠪᠠᠨ ᠴᠢᠩᠭᠠᠳᠬᠠᠵᠤ᠂ ᠡᠯ᠎ᠡ ᠲᠣᠭᠤᠷᠢᠭ ᠪᠣᠯᠤᠨ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠤᠨ ᠵᠣᠯᠭᠠᠭᠤᠯᠬᠤ ᠪᠠ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠵᠠᠰᠠᠯᠲᠠ ᠶᠢᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠬᠤ ᠶᠢ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠬᠡᠵᠡᠢ᠃        ᠬᠤᠷᠠᠯ ᠠᠴᠠ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ ︾ ᠵᠢᠴᠢ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾ ᠵᠢᠴᠢ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠬᠠᠶ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠨ ᠡᠵᠡᠮᠰᠢᠬᠦ ᠠᠵᠢᠯ ᠤᠨ ᠬᠡᠷᠡᠭᠵᠢᠭᠦᠯᠬᠦ ᠲᠥᠰᠦᠯ︾ ︽ᠭᠠᠶᠢᠯᠢ ᠲᠠᠲᠠᠪᠤᠷᠢᠯᠠᠵᠤ ᠬᠠᠮᠢᠶᠠᠷᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠦᠬᠠᠶ ᠬᠤᠲᠠ ᠶᠢᠨ ᠬᠡᠷᠡᠭᠵᠢᠭᠦᠯᠬᠦ ᠲᠥᠰᠦᠯ︾ ︽ᠦᠬᠠᠶ ᠬᠤᠲᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠵᠢᠭᠦᠯᠬᠦ ᠲᠥᠰᠦᠯ︾ ︽ᠦᠬᠠᠶ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠰᠤᠳᠤᠯᠤᠨ ᠪᠠᠲᠤᠯᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号