ᠬᠠᠶᠢᠨᠠᠨ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠵᠠᠰᠠᠵᠤ ᠴᠢᠮᠡᠭᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠲᠠᠭᠤᠰᠪᠠ
ᠨᠡᠶᠢᠲᠡᠯᠡᠭᠰᠡᠨ ᠴᠠᠭ᠄
2021/10/19
     ᠬᠠᠶᠢᠨᠠᠨ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠵᠠᠰᠠᠵᠤ ᠴᠢᠮᠡᠭᠯᠡᠬᠦ ᠲᠥᠷᠥᠯ ᠵᠦᠢᠯ ᠳᠤ ᠨᠡᠶᠢᠲᠡ 4600 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠠᠶᠢᠷᠢᠯᠠᠭᠤᠯᠤᠨ᠂ ᠪᠠᠷᠢᠯᠭ᠎ᠠ ᠶᠢᠨ ᠲᠠᠯᠠᠪᠠᠶ ᠨᠢ 8700 ᠭᠠᠷᠤᠶ ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯᠳᠠᠭᠤ ᠡᠮᠴᠢᠯᠡᠭᠡ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠯ᠂ ᠨᠠᠶᠢᠷᠠᠯᠭ᠎ᠠ ᠵᠡᠷᠭᠡ ᠶᠢ ᠨᠢᠭᠡ ᠴᠤᠭᠴᠠᠵᠢᠭᠤᠯᠤᠭᠰᠠᠨ ᠬᠤᠶᠠᠳᠤᠭᠠᠷ ᠳᠡᠰ ᠤᠨ ᠬᠥᠬᠡ ᠲᠠᠰ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠵᠢᠴᠢ ᠵᠡᠮᠳᠡᠭᠴᠦᠳ ᠤᠨ ᠡᠷᠡᠭᠦᠯᠵᠢᠯ ᠤᠨ ᠲᠥᠪ ᠢ ᠪᠥᠲᠥᠭᠡᠨ ᠪᠠᠶᠢᠭᠤᠯᠤᠨ᠎ᠠ᠃ ᠣᠲᠣ ᠪᠣᠯᠲᠠᠯ᠎ᠠ᠂ ᠨᠢᠭᠡᠨᠲᠡ ᠪᠦᠬᠦᠨ ᠢ ᠠᠵᠢᠯ ᠳᠠᠭᠤᠰᠬᠠᠵᠤ᠂ ᠡᠵᠡᠩᠨᠡᠯᠲᠡ ᠶᠢᠨ ᠴᠢᠳᠠᠪᠤᠷᠢ ᠶᠢ ᠠᠩᠬ᠎ᠠ ᠠᠯᠬᠤᠮ ᠪᠦᠷᠢᠯᠳᠦᠭᠦᠯᠪᠡ᠃ ᠲᠠᠷᠠᠭᠠᠴᠢ ᠶᠢᠨ ᠠᠯᠬᠤᠮ ᠳᠤ ᠪᠠᠶᠢᠭᠤᠯᠤᠮᠵᠢ ᠶᠢᠨ ᠲᠣᠬᠢᠷᠠᠭᠤᠯᠤᠯᠲᠠ ᠵᠢᠴᠢ ᠡᠮᠨᠡᠯᠭᠡ ᠶᠢᠨ ᠠᠵᠢᠯᠲᠠᠨ ᠤ ᠲᠣᠬᠢᠷᠠᠭᠤᠯᠤᠯᠲᠠ ᠪᠠᠨ ᠲᠡᠭᠦᠯᠳᠡᠷᠵᠢᠭᠦᠯᠵᠦ ᠂ ᠬᠠᠶᠢᠨᠠᠨ ᠲᠤᠭᠤᠷᠢᠭ ᠤᠨ ᠪᠦᠬᠦ᠋ᠢᠯᠡ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号