ᠲᠠᠩ ᠢ ᠨᠥᠬᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠳᠠ ᠶᠢᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2021/10/19
ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠡᠭᠦᠷᠭᠡᠯᠡᠨ   ᠪᠣᠳᠠᠲᠠᠢ ᠠᠵᠢᠯᠯᠠᠵᠤ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ   ᠦᠬᠠᠢ ᠶᠢᠨ ᠴᠢᠨᠠᠷ ᠰᠠᠶᠢᠲᠠᠢ ᠬᠥᠭᠵᠢᠯᠲᠡ ᠴᠢᠨᠠᠷ ᠰᠠᠶᠢᠳᠠᠢ ᠠᠮᠢᠲᠤᠷᠠᠯ ᠴᠢᠨᠠᠷ ᠰᠠᠶᠢᠳᠠᠢ ᠵᠠᠰᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ      — ᠲᠠᠩ ᠢ ᠨᠥᠬᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠳᠠ ᠶᠢᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ︵ᠭᠤᠷᠪᠠ︶                                       ︵2021 ᠣᠨ ᠤ 9 ᠰᠠᠷ᠎ᠠ ᠶᠢᠨ 26 ᠤ ᠡᠳᠦᠷ︶      ᠬᠤᠶᠠᠷ᠂ ᠬᠥᠭᠵᠢᠯᠲᠡ ᠶᠢᠨ ᠪᠠᠶᠢᠳᠠᠯ ᠢ ᠭᠦᠨᠵᠡᠭᠡᠶ ᠰᠤᠳᠤᠯᠤᠨ ᠮᠠᠭᠠᠳᠯᠠᠵᠤ᠂ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠶ᠎ᠡ        ᠬᠤᠶᠢᠰᠢᠳᠠ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠠᠭᠴᠢ ᠲᠠᠪᠤᠨ ᠵᠢᠯ ᠪᠣᠯᠤᠨ᠎ᠠ᠃ ᠪᠢᠳᠡ ᠡᠷᠬᠡᠪᠰᠢ ᠴᠠᠭ ᠦᠶ᠎ᠡ ᠶᠢᠨ ᠦᠨᠳᠦᠷᠴᠡ᠂ ᠪᠠᠶᠢᠯᠳᠤᠬᠤ ᠪᠤᠳᠤᠯᠭ᠎ᠠ ᠶᠢᠨ ᠬᠠᠷᠠᠴᠠ ᠪᠠᠷ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠬᠤᠪᠢᠰᠤᠩᠭᠤᠢ ᠪᠠᠷ ᠬᠢᠨᠠᠨ ᠦᠵᠡᠬᠦ ᠬᠡᠷᠡᠭᠲᠡᠢ᠃ ᠪᠢᠳᠡᠨ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠣᠯᠳᠠᠬᠤᠶ᠎ᠠ ᠪᠡᠷᠬᠡ ᠶᠤᠮ᠂ ᠡᠷᠬᠡᠪᠰᠢ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ ᠬᠡᠷᠡᠭᠲᠡᠢ᠃ ᠬᠤᠶᠢᠰᠢᠳᠠ ᠶᠢᠨ ᠲᠠᠪᠤᠨ ᠵᠢᠯ ᠳᠤ᠂ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠷᠠᠯᠲᠠ ᠲᠦᠷᠭᠡᠨ ᠬᠥᠭᠵᠢᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠪᠡ᠃ ᠮᠠᠨ ᠤ ᠤᠯᠤᠰ ᠨᠢᠭᠡᠨᠲᠡ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠶᠠᠭ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ ᠪᠠᠶᠢᠨ᠎ᠠ᠂ ᠬᠥᠭᠵᠢᠯᠲᠡ ᠮᠥᠨ ᠯᠡ ᠪᠠᠶᠢᠯᠳᠤᠬᠤ ᠪᠤᠳᠤᠯᠭ᠎ᠠ ᠶᠢᠨ ᠴᠢᠬᠤᠯᠠ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠠᠵᠤ ᠠᠬᠤᠶ ᠶᠢᠨ ᠲᠠᠯᠳᠠ ᠬᠦᠴᠦᠨ ᠲᠡᠭᠦᠯᠳᠡᠷ᠂ ᠤᠶᠠᠨ ᠬᠠᠳᠠᠨ ᠴᠢᠨᠠᠷ ᠶᠡᠭᠡ᠂ ᠠᠮᠢᠵᠢᠷᠠᠯ ᠤᠨ ᠬᠦᠴᠦᠨ ᠴᠢᠩᠭ᠎ᠠ ᠂ ᠲᠦᠷᠦ ᠶᠢᠨ ᠪᠤᠳᠤᠯᠭ᠎ᠠ ᠶᠢᠨ ᠪᠠᠭᠠᠵᠢ ᠤᠯᠠᠨ ᠪᠠᠶᠢᠬᠤ ᠦᠨᠳᠦᠰᠦᠨ ᠣᠨᠴᠠᠯᠢᠭ ᠬᠤᠪᠢᠷᠠᠭ᠎ᠠ ᠦᠭᠡᠢ ᠪᠠᠶᠢᠭᠰᠠᠭᠠᠷ᠃ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠦᠲᠦᠯᠪᠤᠷᠢ︾ ᠳᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠪᠢᠳᠡᠨ ᠤ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠢ ᠰᠢᠢᠳᠪᠦᠷᠢᠯᠡᠬᠦ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ᠂ ᠵᠡᠭᠦᠨ ᠬᠡᠰᠡᠭ ᠤᠨ ᠭᠠᠵᠠᠷ ᠣᠷᠣᠨ ᠲᠠᠢ ᠵᠡᠷᠭᠡ ᠪᠠᠷ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠠᠶᠢᠨ ᠰᠠᠶᠢᠬᠠᠨ ᠲᠦᠷᠦ ᠶᠢᠨ ᠪᠤᠳᠤᠯᠭ᠎ᠠ ᠶᠢᠨ ᠣᠷᠴᠢᠨ ᠲᠤᠭᠤᠷᠢᠨ ᠢ ᠪᠤᠢ ᠪᠣᠯᠭᠠᠵᠤ ᠥᠭᠬᠦ ᠬᠡᠷᠡᠭᠲᠡᠶ ᠭᠡᠵᠦ ᠲᠣᠳᠣᠷᠬᠠᠶ ᠵᠢᠭᠠᠵᠤ ᠭᠠᠷᠭᠠᠵᠠᠶ᠃ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠨᠢ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠴᠢᠬᠤᠯᠠ ᠶᠡᠭᠡ ᠠᠵᠠ ᠲᠣᠬᠢᠶᠠᠯ ᠢ ᠠᠪᠴᠢᠷᠠᠪᠠ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠷᠢᠨ ᠨᠠᠶᠢᠳᠠᠪᠤᠷᠢᠵᠢᠭᠤᠯᠵᠤ᠂ ᠪᠠᠷᠠᠭᠤᠨ ᠬᠡᠰᠡᠭ ᠤᠨ ᠠᠶᠢᠮᠠᠭ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠳᠤᠲᠠᠭᠤᠳᠠᠯ ᠢᠶᠠᠨ ᠨᠥᠬᠦᠪᠥᠷᠢᠯᠡᠬᠦ᠂ ᠦᠬᠠᠢ ᠪᠠᠷ ᠭᠤᠣᠯ ᠪᠣᠯᠭᠠᠭᠰᠠᠨ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠵᠡᠷᠭᠡ ᠪᠠᠶᠢᠷᠢᠯᠠᠭᠤᠯᠤᠯᠲᠠ ᠶᠢ ᠠᠬᠢᠨ ᠲᠠᠬᠢᠨ ᠥᠷᠨᠢᠭᠦᠯᠵᠦ᠂ ᠪᠢᠳᠡᠨ ᠤ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠬᠦ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠪᠠᠭᠤᠷᠠᠭᠤᠯᠬᠤ᠂ ᠳᠠᠪᠠᠭᠤᠯᠢᠭ ᠢᠶᠠᠨ ᠪᠠᠳᠠᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠬᠦ ᠳᠤ ᠴᠢᠭᠯᠡᠯ ᠵᠠᠮ ᠱᠤᠭᠤᠮ ᠢ ᠲᠣᠳᠣᠷᠬᠠᠶᠢᠯᠠᠵᠤ ᠥᠭᠴᠡᠢ᠃ ᠠᠵᠠ ᠲᠣᠬᠢᠶᠠᠯ ᠵᠢᠭᠠᠬᠠᠨ ᠰᠤᠯᠠᠷᠠᠪᠠᠯ ᠳᠠᠷᠤᠢ ᠠᠯᠠᠭᠳᠠᠨ᠎ᠠ᠂ ᠬᠥᠭᠵᠢᠯᠲᠡ ᠶᠢᠨ ᠴᠠᠭ ᠪᠢᠳᠡᠨ ᠢ ᠬᠦᠯᠢᠶᠡᠬᠦ ᠦᠭᠡᠢ᠃ ᠪᠢᠳᠡ ᠡᠷᠬᠡᠪᠰᠢ ᠬᠥᠮᠦᠨ ᠠᠴᠠ ᠳᠠᠪᠠᠵᠤ ᠶᠡᠭᠡ ᠬᠠᠨᠳᠤᠰᠢ ᠶᠢ ᠡᠵᠡᠮᠳᠡᠵᠦ᠂ ᠲᠦᠷᠭᠡᠨ ᠨᠢᠭᠡ ᠠᠯᠬᠤᠮ ᠢᠶᠠᠷ ᠲᠡᠷᠢᠭᠦᠨ ᠲᠣᠬᠢᠶᠠᠯ ᠢ ᠠᠮᠵᠢᠵᠤ᠂ ᠪᠠᠶᠢᠳᠠᠯ ᠢ ᠲᠠᠭᠠᠨ ᠬᠥᠭᠵᠢᠯᠲᠡ ᠶᠢ ᠡᠷᠢᠯᠬᠢᠯᠡᠵᠦ᠂ ᠪᠠᠶᠢᠳᠠᠯ ᠢ ᠲᠠᠭᠠᠨ ᠰᠢᠨ᠎ᠡ ᠪᠠᠶᠢᠳᠠᠯ ᠢ ᠨᠡᠭᠡᠭᠡᠵᠦ᠂ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠰᠢᠨ᠎ᠡ ᠠᠮᠵᠢᠯᠲᠠ ᠪᠦᠲᠦᠮᠵᠢ ᠶᠢ ᠡᠭᠦᠳᠴᠦ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ ᠪᠢᠳᠡᠨ ᠳᠤ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠲᠤᠯᠭᠠᠷᠠᠵᠤ ᠪᠠᠶᠢᠨ᠎ᠠ᠂ ᠡᠷᠬᠡᠪᠰᠢ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠬᠡᠷᠡᠭᠲᠡᠢ᠃ ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠮᠠᠨ ᠤ ᠬᠤᠳᠠ ᠪᠣᠯ ᠨᠡᠶᠢᠲᠡᠯᠢᠭ ᠴᠢᠨᠠᠷᠲᠠᠢ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠳᠪᠦᠷᠢ ᠶᠢᠨ ᠬᠤᠳᠠ ᠮᠥᠨ᠂ ᠪᠦᠳᠦᠭᠦᠯᠢᠭ ᠪᠥᠭᠡᠳ ᠲᠤᠤᠷᠠᠳᠤ ᠲᠡᠰ ᠤᠨ ᠬᠥᠭᠵᠢᠯᠲᠡ ᠶᠢᠨ ᠬᠡᠪ ᠵᠠᠭᠪᠤᠷ ᠢ ᠦᠷᠭᠦᠯᠵᠢᠯᠡᠭᠦᠯᠬᠦ ᠳᠤ ᠬᠦᠴᠢᠷ ᠪᠠᠶᠢᠵᠤ᠂ ᠡᠨᠧᠷᠭᠢ ᠳᠤ ᠲᠦᠰᠢᠭᠯᠡᠬᠦ ᠠᠵᠤ ᠦᠢᠯᠡᠰ ᠤᠨ ᠪᠦᠲᠦᠴᠡ ᠶᠢ ᠬᠠᠷᠠᠬᠠᠨ ᠬᠤᠪᠢᠷᠠᠭᠤᠯᠤᠭᠠᠳᠤᠢ᠂ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠡᠳᠦᠷ ᠢᠷᠡᠬᠦᠶ᠎ᠡ ᠴᠢᠩᠭᠠᠷᠠᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠳᠣᠣᠷ᠎ᠠ ᠵᠢᠱᠢᠵᠦ ᠪᠣᠯᠬᠤ ᠦᠭᠡᠢ᠂ ᠡᠷᠬᠢᠨ ᠲᠣᠭᠤᠷᠢᠨ ᠤ ᠭᠠᠵᠠᠷ ᠣᠷᠣᠨ ᠤ ᠬᠠᠷᠢᠯᠴᠠᠨ ᠲᠡᠮᠡᠴᠡᠯᠳᠦᠬᠦ ᠪᠠᠶᠢᠳᠠᠯ ᠬᠥᠮᠦᠰ ᠢ ᠰᠢᠬᠠᠮᠳᠠᠭᠤᠯᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠳᠣᠲᠣᠭᠠᠳᠤ ᠶᠢᠨ ᠵᠣᠪᠠᠨᠢᠯ ᠭᠠᠳᠠᠭᠠᠳᠤ ᠶᠢᠨ ᠬᠦᠴᠢᠷᠳᠡᠯ ᠤᠨ ᠪᠤᠳᠤᠯᠢᠶᠠᠨᠲᠠᠢ ᠪᠠᠶᠢᠳᠠᠯ ᠳᠤ ᠲᠤᠯᠭᠠᠷᠠᠵᠤ ᠪᠠᠶᠢᠨ᠎ᠠ᠃ ᠠᠶᠤᠯ ᠲᠦᠭᠰᠢᠭᠦᠷᠢ ᠪᠠ ᠲᠣᠬᠢᠶᠠᠯ ᠬᠠᠮᠲᠤ ᠣᠷᠣᠰᠢᠵᠤ᠂ ᠠᠶᠤᠯ ᠲᠦᠭᠰᠢᠭᠦᠷᠢ ᠶᠢᠨ ᠳᠤᠮᠳᠠ ᠣᠷᠭᠠᠨᠢᠭ ᠢᠶᠠᠷ ᠣᠷᠣᠰᠢᠵᠤ᠂ ᠠᠶᠤᠯ ᠲᠦᠭᠰᠢᠭᠦᠷᠢ ᠶᠢ ᠬᠤᠪᠢᠷᠠᠭᠤᠯᠵᠤ ᠪᠣᠯᠤᠨ᠎ᠠ᠃ ᠪᠢᠳᠡ ᠡᠷᠬᠡᠪᠰᠢ ᠬᠥᠭᠵᠢᠯᠲᠡ ᠶᠢᠨ ᠢᠲᠡᠭᠡᠯ ᠵᠣᠷᠢᠭ ᠢᠶᠠᠨ ᠭᠤᠶᠢᠪᠢᠰᠢ ᠦᠭᠡᠢ ᠪᠠᠲᠤᠳᠬᠠᠵᠤ᠂ ᠥᠷᠢᠰᠥᠯᠳᠦᠭᠡᠨ ᠳᠤ ᠰᠢᠭᠤᠳ ᠬᠠᠨᠳᠤᠬᠤ ᠳᠠᠭᠠᠨ ᠬᠦᠴᠢᠷ ᠠᠴᠠ ᠠᠶᠤᠬᠤ ᠦᠭᠡᠢ᠂ ᠬᠦᠴᠢᠷ ᠢ ᠰᠦᠷᠦᠨ ᠤᠷᠤᠭᠰᠢᠯᠠᠬᠤ ᠳᠠᠭᠠᠨ ᠤᠬᠤᠷᠢᠬᠤ ᠦᠭᠡᠢ ᠪᠠᠶᠢᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠬᠥᠭᠵᠢᠯᠲᠡ ᠶᠢᠨ ᠰᠠᠨᠠᠭᠠᠴᠢᠯᠠᠭᠠᠲᠤ ᠲᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠮᠠᠨ ᠤ ᠡᠵᠡᠮᠰᠢᠵᠦ ᠪᠠᠶᠢᠭ᠎ᠠ ᠰᠠᠭᠤᠷᠢ ᠪᠠᠲᠤ ᠪᠠᠬᠢ ᠪᠣᠯᠬᠤᠷ ᠡᠷᠬᠡᠪᠰᠢ ᠶᠡᠭᠡ ᠦᠢᠯᠡᠰ ᠢ ᠪᠦᠲᠦᠭᠡᠬᠦ ᠬᠡᠷᠡᠭᠲᠡᠶ᠃ ᠤᠢᠢᠷ᠎ᠠ ᠶᠢᠨ ᠵᠢᠯ ᠤᠨ ᠲᠤᠷᠰᠢᠬᠢ ᠰᠦᠪᠡᠭᠴᠢᠯᠡᠯᠳᠡ ᠦᠢᠯᠡᠳᠦᠯᠭᠡ ᠪᠠᠷ ᠳᠠᠮᠵᠢᠭᠠᠳ᠂ ᠮᠠᠨ ᠤ ᠬᠤᠳᠠ ᠶᠢᠨ ᠬᠥᠭᠵᠢᠯᠲᠡ ᠶᠢᠨ ᠰᠡᠳᠬᠢᠴᠡ ᠨᠡᠩ ᠲᠣᠳᠣᠷᠬᠠᠢ ᠪᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ ᠢᠯᠡ ᠲᠣᠳᠣ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠳᠤ ᠦᠵᠡᠯ ᠰᠠᠨᠠᠭᠠᠨ ᠤ ᠬᠠᠷᠰᠢ ᠰᠠᠭᠠᠳ ᠢ ᠠᠷᠢᠯᠭᠠᠵᠤ ᠥᠭᠴᠡᠢ︔ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠩ ᠡᠷᠴᠢᠮᠲᠡᠢ ᠪᠣᠯᠭᠠᠵᠤ᠂ ᠨᠢᠭᠡ ᠪᠦᠯᠦᠭ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠢᠯᠡᠷᠡᠭᠦᠯᠦᠭᠰᠡᠨ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠴᠢᠬᠤᠯᠠ ᠶᠡᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠢᠷᠡᠭᠡᠳᠦᠢ ᠶᠢᠨ ᠬᠥᠭᠵᠢᠯᠲᠡ ᠳᠤ ᠴᠢᠬᠤᠯᠠ ᠬᠥᠳᠡᠯᠭᠡᠬᠦ ᠬᠦᠴᠦᠨ ᠢ ᠬᠤᠷᠠᠮᠳᠤᠭᠤᠯᠵᠠᠢ︔ ᠬᠥᠭᠵᠢᠯᠲᠡ ᠶᠢᠨ ᠣᠷᠴᠢᠨ ᠲᠣᠭᠤᠷᠢᠨ ᠨᠡᠩ ᠰᠢᠯᠢᠳᠡᠭᠵᠢᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠵᠡᠷᠭᠡ ᠨᠢᠭᠡ ᠪᠦᠯᠦᠭ ᠬᠠᠲᠠᠭᠤ ᠠᠷᠭ᠎ᠠ ᠬᠡᠮᠵᠢᠶ᠎ᠡ ᠶᠢ ᠵᠠᠯᠭᠠᠪᠡᠷ ᠬᠡᠷᠡᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠳᠤ ᠪᠠᠲᠤ ᠪᠠᠬᠢ ᠲᠤᠯᠭᠠᠭᠤᠷᠢᠯᠠᠯ ᠬᠠᠩᠭᠠᠪᠠ︔ ᠬᠥᠭᠵᠢᠯᠲᠡ ᠶᠢᠨ ᠠᠭᠤᠷ ᠠᠮᠢᠰᠬᠤᠯ ᠨᠡᠩ ᠥᠳᠬᠡᠨ ᠵᠤᠵᠠᠭᠠᠨ ᠪᠤᠯᠵᠤ᠂ ᠪᠦᠬᠦ ᠬᠤᠲᠠ ᠶᠢᠨ ᠥᠷᠭᠡᠨ ᠤᠯᠠᠨ ᠺᠠᠳ᠋ᠷ ᠤᠨ ᠬᠥᠭᠵᠢᠯᠲᠡ ᠶᠢ ᠡᠷᠢᠯᠬᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠲᠠᠰᠤᠷᠠᠯᠲᠠ ᠦᠭᠡᠢ ᠴᠢᠩᠭᠠᠷᠠᠵᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠪᠠ᠃ ᠬᠥᠭᠵᠢᠯᠲᠡ ᠰᠢᠨ᠎ᠡ ᠴᠢᠭ ᠲᠤ ᠲᠠᠪᠰᠢᠨ ᠣᠷᠣᠵᠤ᠂ ᠢᠷᠡᠭᠡᠳᠦᠢ ᠶᠢᠨ ᠬᠡᠲᠤ ᠶᠢᠨ ᠲᠥᠯᠥᠪ ᠪᠡᠶᠡᠯᠡᠭᠳᠡᠬᠦ ᠪᠣᠯᠤᠯᠴᠠᠭ᠎ᠠ ᠲᠠᠢ᠃ ᠪᠦᠬᠦ ᠬᠤᠳᠠ ᠪᠠᠷ ᠢᠶᠠᠨ ᠡᠷᠬᠡᠪᠰᠢ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ᠰᠢᠨ᠎ᠡ ᠬᠥᠭᠵᠢᠯᠲᠡ ᠶᠢᠨ ᠱᠠᠳᠤ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠳᠤ ᠬᠤᠪᠢᠰᠤᠩᠭᠤᠢ ᠪᠠᠷ ᠬᠠᠨᠳᠤᠵᠤ᠂ ᠲᠣᠭᠲᠠᠯ ᠬᠦᠴᠦᠨ ᠢᠶᠠᠨ ᠪᠠᠲᠤᠯᠠᠵᠤ᠂ ᠳᠠᠷᠤᠯᠲᠠ ᠶᠢ ᠲᠤᠯᠵᠤ᠂ ᠬᠤᠪᠢ ᠲᠠᠬᠢᠨ ᠴᠢᠷᠮᠠᠶᠢᠵᠤ᠂ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠨᠳᠤᠰᠢ ᠳᠤᠨᠢ ᠲᠣᠬᠢᠷᠠᠭᠤᠯᠤᠨ ᠴᠢᠳᠠᠮᠠᠭᠠᠢ ᠪᠠᠷ ᠵᠢᠯᠣᠭᠤᠳᠴᠤ᠂ ᠠᠰᠢᠭ ᠬᠠᠷᠠᠨ ᠬᠤᠣᠷ ᠠᠴᠠ ᠵᠠᠶᠢᠯᠠᠵᠤ᠂ ᠬᠢᠮᠤᠷᠠᠯ ᠤᠨ ᠳᠤᠮᠳᠠ ᠠᠵᠠ ᠲᠣᠬᠢᠶᠠᠯ ᠢ ᠪᠤᠢ ᠪᠣᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃      ᠬᠤᠶᠢᠰᠢᠳᠠ ᠶᠢᠨ ᠲᠠᠪᠤᠨ ᠵᠢᠯ ᠤᠨ ᠪᠦᠬᠦ ᠬᠤᠳᠠ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠤᠬᠠᠮᠰᠠᠷ ᠠᠴᠠ ᠪᠠᠨ ᠳᠠᠭᠠᠵᠤ ᠲᠡᠭᠦᠨ ᠳᠤ ᠦᠢᠯᠡᠴᠢᠯᠡᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ᠂ ᠠᠮᠢ ᠠᠬᠤᠢ ᠶᠢ ᠣᠷᠢᠳᠠᠪᠡᠷ ᠪᠤᠳᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠠᠶᠠᠨ ᠵᠠᠮ ᠳᠤ ᠦᠬᠠᠢ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      — ᠨᠢᠭᠡ ᠵᠢᠷᠤᠮᠯᠠᠯ ᠢ ᠪᠠᠷᠢᠮᠲᠠᠯᠠᠨ᠎ᠠ᠄ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠨ᠎ᠠ᠃ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠠᠮᠢ ᠠᠬᠤᠶ ᠶᠢᠨ ᠣᠷᠴᠢᠨ ᠲᠤᠭᠤᠷᠢᠨ ᠢ ᠰᠠᠶᠢᠵᠢᠷᠠᠭᠤᠯᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠦᠭᠵᠢᠬᠦᠯᠵᠦ ᠪᠠᠶᠢᠭ᠎ᠠ ᠶᠠᠪᠤᠳᠠᠯ  ᠮᠦᠨ᠃ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠢᠳᠡᠨ ᠳᠤ ᠳᠠᠭᠠᠭᠠᠯᠭᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠂ ᠮᠥᠨᠴᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠨᠳᠦᠰᠦᠨ ᠵᠢᠷᠤᠮᠯᠠᠯ ᠪᠣᠯᠤᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠠᠷᠠᠳ ᠲᠦᠮᠡᠨ ᠤ ᠠᠵᠠ ᠵᠢᠷᠭᠠᠯ ᠳᠤ ᠬᠤᠯᠪᠣᠭᠳᠠᠬᠤ ᠮᠢᠩᠭᠠᠨ ᠣᠨ ᠤ ᠶᠡᠭᠡ ᠪᠤᠳᠤᠯᠭ᠎ᠠ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠪᠠᠷ ᠭᠤᠣᠯᠳᠠᠯᠭ᠎ᠠ ᠲᠠᠢ ᠪᠠᠶᠢᠯᠳᠤᠬᠤ ᠪᠤᠳᠤᠯᠭ᠎ᠠ ᠶᠢᠨ ᠴᠢᠭᠯᠡᠯ ᠪᠣᠯᠭᠠᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠶᠢ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠠᠢ᠃ ᠪᠢᠳᠡ ᠡᠷᠬᠡᠪᠰᠢ ᠬᠦᠭᠡ ᠠᠭᠤᠯᠠ ᠬᠥᠬᠡᠮᠳᠦᠭ ᠤᠰᠤ ᠪᠣᠯ ᠲᠠᠷᠣᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠡᠷᠭᠦᠭᠡᠬᠦ ᠠᠵᠢᠯ ᠢ ᠳᠡᠶᠢᠯᠦᠩᠭᠦᠶ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠬᠤ ᠴᠢᠨᠠᠭᠰᠢᠯᠠᠪᠠᠯ ᠡᠪᠳᠡᠬᠦ ᠬᠥᠭᠵᠢᠯᠲᠡ ᠶᠢᠨ ᠵᠠᠭᠪᠤᠷ ᠪᠣᠯᠤᠨ ᠣᠷᠴᠢᠨ ᠲᠣᠭᠤᠷᠢᠨ ᠢ ᠦᠷᠡᠭᠳᠡᠭᠦᠯᠵᠦ ᠪᠠᠶᠢᠭᠠᠳ ᠨᠢᠭᠡ ᠴᠠᠭ ᠤᠨ ᠬᠥᠭᠵᠢᠯᠲᠡ ᠶᠢ ᠰᠣᠯᠢᠬᠤ ᠤᠢᠢᠷ᠎ᠠ ᠬᠠᠷᠠᠭᠠᠲᠤ ᠠᠷᠭ᠎ᠠ ᠶᠢ ᠡᠷᠡᠰ ᠲᠠᠶᠠᠭᠳᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠳᠤᠮᠳᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      — ᠨᠢᠭᠡᠨ ᠭᠤᠣᠯ ᠰᠢᠵᠢᠮ ᠢ ᠲᠤᠤᠱᠯᠠᠭᠤᠯᠤᠨ᠎ᠠ᠄ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠨ᠎ᠠ᠃ ᠠᠮᠢ ᠠᠬᠤᠢ ᠶᠢ ᠣᠷᠢᠳᠠᠪᠡᠷ ᠪᠤᠲᠤᠯᠭᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠤᠷᠢᠲᠠᠯ ᠪᠠ ᠦᠨᠳᠦᠰᠦᠨ ᠠᠷᠭ᠎ᠠ ᠵᠠᠮ ᠮᠥᠨ᠂ ᠪᠦᠬᠦ ᠲᠠᠯ᠎ᠠ ᠶᠢᠨ ᠴᠢᠨᠠᠷᠲᠠᠢ᠂ ᠴᠢᠭᠯᠡᠯᠳᠤ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠱᠠᠭᠠᠷᠳᠠᠯᠭ᠎ᠠ ᠮᠥᠨ᠂ ᠡᠷᠬᠡᠪᠰᠢ ᠲᠤᠤᠱᠲᠠᠢ ᠪᠠᠷᠢᠮᠲᠠᠯᠠᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠰᠡᠳᠦᠪ ᠪᠣᠯᠤᠨ᠎ᠠ᠂ ᠪᠣᠬᠢᠷᠲᠤᠯ ᠦᠭᠡᠢ ᠪᠠᠶᠢᠬᠤ ᠪᠣᠯ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠦᠩᠬᠡ ᠪᠣᠯᠤᠨ᠎ᠠ᠃ ᠬᠦᠭᠡ ᠠᠭᠤᠯᠠ ᠬᠥᠬᠡᠮᠳᠦᠭ ᠤᠰᠤ ᠪᠠᠨ ᠰᠠᠶᠢᠲᠤᠷ ᠰᠠᠬᠢᠨ ᠬᠠᠮᠠᠭᠠᠯᠠᠪᠠᠯ ᠰᠠᠶ᠋ᠢ ᠦᠵᠡᠰᠬᠦᠯᠡᠩᠲᠦ ᠰᠠᠶᠢᠬᠠᠨ ᠬᠢᠭᠡᠳ ᠬᠥᠭᠵᠢᠯᠲᠡ ᠶᠢᠨ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠵᠦ ᠴᠢᠳᠠᠨ᠎ᠠ᠃ ᠪᠢᠳᠡ ᠡᠷᠬᠡᠪᠰᠢ ᠠᠮᠢ ᠠᠬᠤᠶ ᠶᠢ ᠣᠷᠢᠳᠠᠪᠡᠷ ᠪᠤᠲᠤᠯᠭᠢᠯᠠᠬᠤ᠂ ᠪᠣᠬᠢᠷᠲᠤᠯ ᠦᠭᠡᠶ ᠬᠥᠭᠵᠢᠯᠲᠡ ᠶᠢᠨ ᠤᠳᠤᠷᠢᠳᠤᠮᠵᠢ ᠶᠢ ᠪᠠᠲᠤ ᠡᠵᠡᠮᠰᠢᠵᠦ᠂ ᠪᠤᠢ ᠪᠦᠬᠦᠢ ᠣᠷᠣᠨ ᠪᠦᠰᠡ᠂ ᠪᠤᠢ ᠪᠦᠬᠦᠢ ᠬᠦᠷᠢᠶ᠎ᠡ᠂ ᠪᠤᠢ ᠪᠦᠬᠦᠢ ᠠᠵᠤ ᠦᠢᠯᠡᠰ᠂ ᠪᠤᠢ ᠪᠦᠬᠦᠢ ᠠᠵᠢᠯ ᠲᠦᠷᠦᠯ ᠤᠨ ᠬᠢᠨ ᠴᠥᠮ ᠪᠠᠷᠢᠮᠵᠢᠶ᠎ᠠ ᠳᠤ ᠵᠣᠬᠢᠴᠠᠭᠤᠯᠤᠨ ᠲᠥᠯᠥᠪᠵᠢᠭᠦᠯᠵᠦ᠂ ᠬᠠᠷᠢᠴᠠᠭᠤᠯᠤᠨ ᠲᠤᠤᠱᠯᠠᠭᠤᠯᠵᠤ᠂ ᠬᠤᠷᠳᠤᠴᠠ ᠶᠢᠨ ᠰᠡᠳᠬᠢᠯᠭᠡ᠂ ᠠᠷᠭ᠎ᠠ ᠵᠠᠮ ᠳᠤ ᠲᠦᠰᠢᠭᠯᠡᠬᠦ ᠠᠴᠠ ᠡᠷᠡᠰ ᠠᠩᠭᠢᠵᠢᠷᠠᠵᠤ᠂ ᠵᠣᠷᠢᠭ ᠰᠢᠭᠤᠳᠤᠨ ᠪᠦᠲᠦᠴᠡ ᠳᠤ ᠳᠤᠬᠢᠷᠠᠭᠤᠯᠤᠯᠳᠠ ᠬᠢᠵᠦ᠂ ᠴᠢᠳᠠᠪᠬᠢ  ᠪᠠᠨ ᠬᠤᠪᠢᠷᠠᠭᠤᠯᠵᠤ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠤᠳᠤᠷᠢᠳᠤᠮᠵᠢ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠴᠠᠭ ᠦᠶ᠎ᠡ ᠶᠢᠨ ᠣᠨᠴᠠᠯᠢᠭ ᠢ ᠢᠯᠡᠷᠡᠭᠦᠯᠦᠭᠰᠡᠨ᠂ ᠦᠬᠠᠢ ᠶᠢᠨ ᠣᠨᠴᠠᠯᠢᠭ ᠲᠠᠢ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠴᠢᠷᠮᠠᠶᠢᠨ ᠰᠦᠪᠡᠭᠴᠢᠯᠡᠵᠦ ᠨᠡᠭᠡᠭᠡᠨ᠎ᠡ᠃      — ᠬᠤᠶᠠᠷ ᠶᠡᠭᠡ ᠡᠭᠦᠷᠭᠡ ᠶᠢ ᠠᠬᠢᠭᠤᠯᠤᠨ᠎ᠠ᠄ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠳᠣᠳᠠᠢ ᠠᠬᠢᠭᠤᠯᠤᠨ᠎ᠠ᠃ ᠠᠵᠤ ᠦᠢᠯᠡᠰ ᠪᠣᠯ ᠬᠤᠳᠠ ᠶᠢᠨ ᠬᠥᠭᠵᠢᠨ ᠮᠠᠨᠳᠤᠬᠤ ᠶᠢᠨ ᠬᠥᠳᠡᠯᠭᠡᠬᠦ ᠬᠦᠴᠦᠨ ᠤ ᠡᠬᠢ ᠰᠤᠷᠪᠤᠯᠵᠢ ᠮᠥᠨ᠂ ᠬᠤᠳᠠ ᠪᠣᠯ ᠠᠵᠤ ᠦᠢᠯᠡᠰ ᠤᠨ ᠬᠥᠭᠵᠢᠯᠲᠡ ᠶᠢᠨ ᠭᠤᠣᠯ ᠠᠴᠢᠶᠠᠯᠠᠪᠤᠷᠢ ᠮᠥᠨ᠂ ᠬᠡᠯᠪᠡᠷᠢ ᠪᠠᠨ ᠬᠤᠪᠢᠷᠠᠭᠤᠯᠬᠤ ᠪᠣᠯ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠃ ᠮᠠᠨ ᠤ ᠬᠤᠲᠠ ᠨᠡᠭᠦᠷᠡᠰᠦ ᠪᠠᠷ ᠲᠠᠮᠵᠢᠨ ᠪᠦᠲᠦᠭᠡᠨ ᠪᠠᠶᠢᠭᠤᠯᠵᠤ᠂ ᠨᠡᠭᠦᠷᠡᠰᠦ ᠪᠠᠷ ᠳᠠᠮᠵᠢᠨ ᠬᠥᠭᠵᠢᠵᠤ᠂ ᠨᠡᠭᠦᠷᠡᠰᠦᠨ ᠤ ᠡᠬᠢ ᠪᠠᠶᠠᠯᠢᠭ ᠤᠯᠠᠮ ᠢᠶᠠᠷ ᠬᠤᠭᠤᠰᠣᠷᠠᠬᠤ ᠶᠢ ᠳᠠᠭᠠᠯᠳᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠲᠦᠷᠭᠡᠰᠦᠨ ᠠᠬᠢᠵᠤ᠂ ᠠᠷᠭ᠎ᠠ ᠵᠠᠮ ᠢᠶᠠᠷ ᠵᠠᠮᠨᠠᠬᠤ ᠳᠤ ᠲᠦᠰᠢᠭᠯᠡᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠠᠬᠢᠭᠤᠯᠬᠤ ᠨᠢ ᠵᠠᠶᠢᠯᠠᠰᠢ ᠦᠭᠡᠢ ᠶᠤᠮ᠃ ᠪᠢᠳᠡ ᠵᠠᠪᠠᠯ ᠦᠢᠯᠡᠳᠪᠦᠷᠢᠯᠡᠯ ᠢᠶᠠᠷ ᠬᠤᠲᠠ ᠶᠢ ᠠᠬᠢᠭᠤᠯᠬᠤ᠂ ᠬᠤᠲᠠ ᠪᠠᠷ ᠦᠢᠯᠡᠳᠪᠦᠷᠢᠯᠡᠯ ᠢ ᠬᠥᠭᠵᠢᠭᠦᠯᠬᠦ᠂ ᠦᠢᠯᠡᠳᠪᠦᠷᠢᠯᠡᠯ ᠪᠠ ᠬᠤᠲᠠ ᠶᠢ ᠠᠭᠤᠰᠤᠯᠴᠠᠭᠤᠯᠬᠤ ᠵᠠᠷᠴᠢᠮ ᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠰᠢᠨ᠎ᠡ ᠠᠵᠤ ᠠᠬᠤᠢ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠤᠳᠠ ᠶᠢᠨ ᠰᠢᠨ᠎ᠡ ᠶᠢ ᠡᠭᠦᠳᠴᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠬᠤᠳᠠ ᠶᠢᠨ ᠰᠣᠶᠣᠯ ᠤᠨ ᠠᠭᠤᠯᠬᠤᠨ ᠢ ᠪᠦᠬᠦ ᠲᠠᠯ᠎ᠠ ᠪᠠᠷ ᠵᠤᠵᠠᠭᠠᠳᠬᠠᠵᠤ᠂ ᠠᠵᠤ ᠦᠢᠯᠡᠰ ᠤᠨ ᠪᠦᠲᠦᠴᠡ ᠶᠢᠨ ᠨᠡᠩ ᠰᠢᠯᠢᠳᠡᠭ᠂ ᠬᠤᠳᠠ ᠶᠢᠨ ᠴᠢᠨᠠᠷ ᠳᠡᠰ ᠤᠨ ᠨᠡᠩ ᠥᠨᠳᠥᠷ᠂ ᠬᠤᠳᠠ ᠶᠢᠨ ᠬᠡᠪ ᠴᠢᠨᠠᠷ ᠤᠨ ᠨᠡᠩ ᠰᠠᠶᠢᠨ ᠪᠣᠯᠬᠤ ᠶᠢ ᠠᠬᠢᠭᠤᠯᠤᠨ᠎ᠠ᠃      — ︽ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠦᠨ᠎ᠡ᠄ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠳᠠᠢ ᠵᠠᠰᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠪᠣᠯ ᠴᠢᠨᠠᠷ ᠰᠠᠶᠢᠲᠠᠢ ᠠᠮᠢᠳᠤᠷᠠᠯ ᠤᠨ ᠰᠠᠭᠤᠷᠢ ᠤᠷᠢᠲᠠᠯ᠂ ᠴᠢᠨᠠᠷ ᠰᠠᠶᠢᠲᠠᠢ ᠠᠮᠢᠳᠤᠷᠠᠯ ᠪᠣᠯ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠵᠣᠷᠢᠯᠭ᠎ᠠ᠂ ᠴᠢᠨᠠᠷ ᠰᠠᠶᠢᠳᠠᠢ ᠵᠠᠰᠠᠯᠲᠠ ᠪᠣᠯ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ ᠢ ᠪᠡᠶᠡᠯᠡᠭᠦᠯᠬᠦ ᠶᠢᠨ ᠦᠨᠳᠦᠰᠦᠨ ᠪᠠᠲᠤᠯᠠᠭ᠎ᠠ ᠮᠥᠨ᠃ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠳᠠᠢ ᠵᠠᠰᠠᠯᠲᠠ ᠪᠣᠯ ᠭᠤᠣᠯ ᠰᠢᠪᠲᠤᠯᠤᠯᠲᠠ ᠶᠢᠨ ᠴᠢᠭᠯᠡᠯ ᠪᠣᠯᠬᠤ ᠪᠠᠷ ᠪᠠᠷᠠᠬᠤ ᠦᠭᠡᠢ ᠪᠠᠰᠠ ᠴᠤ ᠠᠷᠠᠳ ᠤᠨ ᠰᠡᠳᠬᠢᠯ ᠤᠨ ᠬᠠᠨᠳᠤᠰᠢ ᠪᠣᠯᠤᠨ᠎ᠠ᠃ ᠪᠢᠳᠡ ᠵᠠᠪᠠᠯ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃      ᠬᠤᠶᠢᠰᠢᠳᠠ ᠶᠢᠨ ᠲᠠᠪᠤᠨ ᠵᠢᠯ ᠳᠤ᠂ ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠰᠢᠭᠰᠡᠨ ᠤᠷᠢᠲᠠᠯ ᠳᠣᠣᠷ᠎ᠠ᠂ ︽ᠲᠠᠪᠤᠨ ᠰᠢᠨ᠎ᠡ︾ ᠶᠢ ᠪᠡᠶᠡᠯᠡᠭᠦᠯᠬᠦ ᠶᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠤᠨ᠎ᠠ᠃      — ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ ᠶᠢ ᠲᠦᠷᠭᠡᠳᠬᠡᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠂ ᠰᠢᠨ᠎ᠡ ᠠᠵᠤ ᠠᠬᠤᠶ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠶ ᠬᠢᠭᠡᠳ ᠪᠣᠳᠠᠲᠤ ᠴᠣᠭᠴᠠ ᠶᠢᠨ ᠠᠵᠤ ᠠᠬᠤᠶ ᠶᠢ ᠭᠦᠨᠵᠡᠭᠡᠶ ᠠᠭᠤᠰᠤᠯᠴᠠᠭᠤᠯᠤᠨ᠂ ᠤᠨᠴᠠᠯᠢᠭᠳᠤ ᠲᠠᠷᠢᠶᠠᠯᠠᠩ ᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠬᠤᠯᠠ ᠶᠡᠭᠡ ᠠᠬᠢᠴᠠ ᠲᠠᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠠᠩᠬ᠎ᠠ ᠠᠯᠬᠤᠮ ᠤᠨ ᠦᠷ᠎ᠡ ᠪᠦᠲᠦᠮᠵᠢ ᠲᠠᠢ ᠪᠣᠯᠭᠠᠨ᠎ᠠ᠃ ᠬᠤᠳᠠ ᠶᠢᠨ ᠰᠢᠨᠡᠴᠢᠯᠡᠯᠲᠡ ᠶᠢᠨ ᠬᠤᠷᠳᠤᠴᠠ ᠪᠠᠨ ᠳᠡᠭᠡᠭᠰᠢᠯᠡᠭᠦᠯᠦᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠤᠳᠠ ᠶᠢᠨ ᠴᠢᠳᠠᠮᠵᠢ ᠶᠢᠨ ᠴᠢᠨᠠᠷ ᠳᠡᠰ ᠢᠶᠠᠨ ᠦᠷᠭᠦᠯᠵᠢᠯᠡᠨ ᠳᠡᠭᠡᠭᠰᠢᠯᠡᠭᠦᠯᠤᠨ᠎ᠡ᠃     — ᠠᠮᠢ ᠠᠬᠤᠶ ᠶᠢᠨ ᠪᠣᠯᠪᠠᠰᠤᠨ ᠤ ᠰᠢᠨ᠎ᠡ ᠳᠡᠭᠡᠭᠰᠢᠯᠡᠯᠲᠡ ᠶᠢ ᠪᠡᠶᠡᠯᠡᠬᠦᠯᠦᠨ᠎ᠡ᠃ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠤᠯᠠᠮ ᠢᠶᠠᠷ ᠲᠡᠭᠦᠯᠳᠡᠷᠵᠢᠵᠦ᠂ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠳᠣᠪᠤᠶᠢᠯᠭᠠᠨ᠂ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭᠠᠰᠴᠤ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠪᠦᠬᠦᠯᠢ ᠴᠣᠭᠴᠠ ᠪᠠᠷ ᠢᠶᠠᠨ ᠰᠠᠶᠢᠵᠢᠷᠠᠨ᠂ ᠠᠮᠢ ᠠᠬᠤᠶ ᠶᠢᠨ ᠠᠵᠤ ᠦᠶᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠯᠲᠠ ᠶᠢ ᠵᠣᠬᠢᠴᠠᠯᠳᠤᠭᠤᠯᠤᠨ ᠬᠥᠭᠵᠢᠭᠦᠯᠵᠦ᠂ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠡᠷᠬᠢᠯᠳᠡᠳᠦ ᠬᠥᠭᠵᠢᠯᠲᠡ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠠᠩ ᠵᠦᠶ ᠵᠣᠬᠢᠰᠲᠠᠶ ᠪᠣᠯᠭᠠᠵᠤ᠂ ᠦᠵᠡᠰᠬᠦᠯᠡᠩᠲᠦ ᠰᠠᠶᠢᠬᠠᠨ ᠦᠬᠠᠶ ᠶᠢᠨ ᠪᠥᠲᠥᠭᠡᠨ ᠪᠠᠶᠢᠭᠤᠯᠤᠯᠲᠠ ᠳᠤ ᠴᠢᠬᠤᠯᠠ ᠶᠡᠭᠡ ᠦᠷ᠎ᠡ ᠪᠦᠲᠦᠭᠡᠯ ᠣᠯᠬᠤ ᠪᠠᠷ ᠴᠢᠷᠮᠠᠶᠢᠨ᠎ᠠ᠃     — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠤᠨ ᠰᠢᠨ᠎ᠡ ᠠᠯᠬᠤᠮ ᠢ ᠠᠯᠬᠤᠨ᠎ᠠ᠃ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠡᠯᠡ ᠮᠥᠩᠭᠦ ᠬᠡᠷᠡᠭᠯᠡᠬᠦ ᠶᠢ ᠭᠦᠨᠵᠡᠭᠡᠢ ᠠᠭᠤᠰᠤᠯᠴᠠᠭᠤᠯᠤᠨ ᠰᠢᠨ᠎ᠡ ᠶᠢ ᠡᠭᠦᠳᠬᠦ ᠰᠢᠰᠲ᠋ᠧᠮ ᠢ ᠨᠡᠩ ᠪᠦᠷᠢᠨᠰᠢᠬᠦᠯᠵᠦ᠂ ᠬᠥᠭᠵᠢᠯᠲᠡ ᠶᠢᠨ ᠠᠷᠭ᠎ᠠ ᠬᠡᠯᠪᠡᠷᠢ ᠶᠢ ᠡᠯᠧᠮᠧᠨ᠋ᠲ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠡᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠠᠨᠤᠮᠵᠢ ᠶᠢᠨ ᠬᠡᠮᠵᠢᠶ᠎ᠡ ᠶᠢ ᠪᠦᠬᠦ ᠣᠷᠣᠨ ᠤ ᠡᠮᠦᠨ᠎ᠡ ᠡᠩᠨᠡᠭᠡᠨ ᠳᠤ ᠤᠷᠤᠭᠤᠯᠬᠤ ᠶᠢ ᠪᠠᠲᠤᠯᠠᠨ᠎ᠠ᠃      — ᠠᠷᠠᠳ ᠤᠨ ᠠᠮᠢᠳᠤᠷᠠᠯ ᠢ ᠰᠢᠨ᠎ᠡ ᠬᠡᠮᠵᠢᠶᠡᠨ ᠳᠤ ᠬᠦᠷᠭᠡᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠢ ᠰᠢᠨ᠎ᠡ ᠳᠡᠭᠲᠡᠷ ᠲᠤ ᠭᠠᠷᠭᠠᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠶᠠᠰᠤ ᠴᠢᠨᠠᠷ ᠪᠠ ᠠᠳᠠᠯᠢ ᠲᠡᠭᠰᠢ ᠪᠠᠶᠢᠬᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠪᠦᠷᠢᠨᠰᠢᠬᠦᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠨᠡᠩ ᠰᠠᠶᠢᠨ ᠪᠣᠯᠭᠠᠵᠤ᠂ ᠵᠣᠯ ᠵᠢᠷᠭᠠᠯ ᠤᠨ ᠲᠦᠷᠦᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠨ᠎ᠠ᠃      — ᠨᠡᠶᠢᠭᠡᠮ ᠤᠨ ᠵᠠᠰᠠᠯᠲᠠ ᠶᠢ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ᠃ ᠠᠷᠠᠳᠴᠢᠯᠠᠯ ᠬᠠᠤᠯᠢᠵᠢᠯ ᠢ ᠨᠡᠩ ᠪᠦᠷᠢᠨᠰᠢᠬᠦᠯᠵᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠪᠣᠯᠤᠨ ᠤᠯᠠᠨ ᠢ ᠢᠲᠡᠭᠡᠭᠦᠯᠬᠦ ᠬᠦᠴᠦᠨ ᠢᠶᠠᠨ ᠮᠡᠳᠡᠭᠳᠡᠮ᠎ᠡ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠤᠷᠤᠭᠤᠯᠵᠤ᠂ ᠪᠦᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠲᠠ ᠶᠢ ᠠᠮᠵᠢᠯᠳᠠ ᠲᠠᠢ ᠴᠤᠭᠴᠠᠯᠠᠨ ᠪᠠᠶᠢᠭᠤᠯᠤᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠲᠣᠭᠲᠠᠴᠠ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠢᠯᠡᠳᠲᠡ ᠴᠢᠩᠭᠠᠷᠠᠭᠤᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ ᠲᠦᠪᠰᠢᠨ ᠢᠶᠠᠨ ᠢᠯᠡᠳᠲᠡ ᠳᠡᠭᠡᠭᠰᠢᠯᠡᠭᠦᠯᠵᠦ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠪᠠᠨ ᠨᠡᠩ ᠬᠦᠴᠦᠲᠡᠶ ᠪᠣᠯᠭᠠᠨ᠎ᠠ᠃      ᠬᠠᠷᠠᠯᠲᠠ ᠴᠢᠭᠯᠡᠯ ᠢ ᠵᠢᠭᠠᠵᠤ᠂ ᠴᠢᠷᠮᠠᠶᠢᠯᠳᠠ ᠢᠷᠡᠭᠡᠳᠦᠢ ᠶᠢ ᠪᠦᠲᠦᠭᠡᠨ᠎ᠡ᠃ ᠪᠢᠳᠡ ᠬᠡᠵᠢᠶᠡᠳᠡ ᠴᠠᠯᠠᠭᠠᠶᠢᠷᠠᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠨ ᠪᠠᠲᠤᠯᠠᠵᠤ᠂ ᠬᠥᠭᠵᠢᠯᠲᠡ ᠶᠢᠨ ᠬᠠᠷᠠᠯᠲᠠ ᠳᠤ ᠣᠨᠣᠪᠴᠢᠲᠠᠢ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠠᠤᠭ᠎ᠠ ᠶᠡᠭᠡ ᠵᠢᠷᠤᠭ ᠲᠥᠯᠥᠪᠯᠡᠭᠡ ᠶᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号